ᠷᠠᠰᠢᠶᠠᠨ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 23 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠷᠡᠰᠢᠶᠠᠨ ᠵᠠᠰᠠᠯ᠂ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠠᠯᠤᠰᠯᠠᠨ ᠵᠢᠭᠤᠯᠴᠢᠯᠠᠬᠤ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ   ᠤᠨ ᠲᠤᠬᠠᠢ ᠰᠤᠳᠤᠯᠣᠯᠳᠡ ᠬᠢᠪᠡ᠃      ᠬᠤᠷᠠᠯ ᠠᠴᠠ᠂ ᠰᠡᠳᠬᠢᠬᠦᠢ ᠪᠠᠷ ᠡᠯ᠎ᠡ ᠵᠦᠢᠯ ᠤᠨ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ︽ᠲᠠᠶᠢᠯᠬᠤ︾ ᠰᠡᠳᠬᠢᠬᠦᠢ ᠪᠠᠷ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠤᠨ ︽ᠰᠢᠯᠢᠳᠡᠭ ᠢ ᠨᠢ ᠰᠢᠢᠳᠪᠦᠷᠢᠯᠡᠬᠦ︾ ᠠᠷᠭ᠎ᠠ ᠵᠠᠮ ᠢᠶᠠᠷ ᠵᠠᠮᠨᠠᠬᠤ ᠬᠡᠷᠡᠭᠲᠡᠢ᠃ ᠮᠠᠨ ᠤ ᠬᠤᠲᠠ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠ ᠥᠪᠡᠷᠮᠢᠴᠡ ᠳᠠᠪᠠᠭᠤᠯᠢᠭ ᠲᠤ ᠰᠠᠭᠤᠷᠢᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠠᠶᠢᠴᠢᠯᠡᠨ ᠳᠠᠭᠠᠭᠤᠯᠬᠤ ᠪᠠ ᠤᠬᠠᠭᠤᠯᠬᠤ ᠠᠵᠢᠯ ᠢ ᠰᠠᠶᠢᠲᠤᠷ ᠥᠷᠨᠢᠭᠦᠯᠵᠦ᠂ ᠣᠨᠴᠠᠯᠢᠭᠲᠤ ᠵᠠᠰᠠᠯ ᠪᠠ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ᠠᠭᠤᠳᠠᠯᠤᠨ ᠡᠮᠬᠢᠳᠬᠡᠵᠦ ᠳᠡᠯᠭᠡᠷᠡᠭᠦᠯᠬᠦ ᠠᠵᠢᠯ ᠢ ᠦᠨᠡᠨ ᠬᠦ ᠰᠠᠶᠢᠲᠤᠷ ᠬᠢᠵᠦ᠂ ᠷᠠᠰᠢᠶᠠᠨ ᠵᠠᠰᠠᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ᠃ ᠭᠠᠳᠠᠭᠠᠳᠤ ᠪᠡᠯᠡ ᠶᠢ ᠠᠰᠢᠬᠯᠠᠬᠤ ᠠᠵᠢᠯ ᠤᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠵᠢᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠯ᠎ᠡ ᠵᠦᠢᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠡᠷᠡᠰ ᠭᠤᠶᠢᠪᠢᠰᠢ ᠦᠭᠡᠢ ᠪᠠᠷ ᠥᠨᠳᠥᠷ ᠲᠦᠪᠰᠢᠨ ᠪᠦᠬᠦᠢ ᠨᠡᠭᠡᠭᠡᠯᠳᠠ ᠶᠢ ᠥᠷᠭᠡᠳᠬᠡᠵᠦ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠭ᠎ᠠ ᠪᠠᠨ ᠴᠢᠩᠭᠠᠳᠬᠠᠵᠤ᠂ ᠣᠳᠣᠬᠠᠨ ᠤ ᠬᠢᠯᠢ ᠠᠯᠤᠰᠯᠠᠭᠰᠠᠨ ᠵᠢᠭᠤᠯᠴᠢᠯᠠᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠳᠤᠲᠠᠭᠤᠳᠠᠯ ᠢ ᠪᠦᠬᠦ ᠲᠠᠯ᠎ᠠ ᠪᠠᠷ ᠡᠵᠡᠮᠰᠢᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠤᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠵᠢᠭᠤᠯᠴᠢᠯᠠᠭᠰᠠᠳ ᠲᠤ ᠳᠥᠭᠦᠮ ᠳᠥᠲᠡ ᠲᠦᠷᠭᠡᠨ ᠰᠠᠶᠢᠨ ᠰᠠᠶᠢᠬᠠᠨ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠵᠣ ᠴᠢᠬᠤᠯᠠᠴᠢᠯᠡᠵᠡᠢ᠃      ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠦ᠋ ᠫᠸᠢ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠣᠰ ᠬᠤᠷᠠᠯ ᠳᠤ ᠣᠷᠣᠯᠴᠠᠵᠠᠶ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号