ᠷᠠᠰᠢᠶᠠᠨ ᠬᠤᠲᠠ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠵᠣᠨ ᠤ ᠠᠮᠠᠷᠠᠯᠲᠠ ᠶᠢᠨ ᠬᠤᠭᠤᠴᠠᠭᠠᠨ ᠤ ᠤᠰᠤᠨ ᠳᠤ ᠴᠡᠴᠡᠬᠤ ᠶᠢ ᠰᠡᠷᠭᠡᠶᠢᠯᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/7/25
     ᠵᠤᠨ ᠤ ᠠᠮᠠᠷᠠᠯᠲᠠ ᠳᠤ ᠬᠡᠦᠬᠡᠳ ᠤᠨ ᠤᠰᠤᠨ ᠳᠤ  ᠴᠡᠴᠡᠬᠤ ᠶᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠰᠤᠨ ᠳᠤ ᠦᠯᠦ ᠬᠦᠷᠦᠭᠰᠡᠳ ᠤᠨ ᠠᠮᠢ ᠨᠠᠰᠤᠨ ᠤ ᠠᠮᠤᠷ ᠲᠦᠪᠰᠢᠨ ᠢ ᠰᠠᠶᠢᠳᠣᠷ ᠬᠠᠮᠠᠭᠠᠯᠠᠬᠤ ᠶᠢᠨ ᠲᠥᠯᠥᠭᠡ᠂ 7 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠵᠤᠨ ᠤ ᠠᠮᠠᠷᠠᠯᠲᠠ ᠶᠢᠨ ᠤᠰᠤᠨ ᠳᠤ  ᠴᠡᠴᠡᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠾᠧ ᠫᠢᠩ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠪᠠᠨ ᠨᠠᠰᠤᠨ ᠳᠤ ᠥᠯᠥ ᠭᠦᠷᠦᠭᠰᠡᠳ ᠢ ᠵᠣᠬᠢᠶᠠᠨ ᠪᠠᠶᠢᠭᠤᠯᠤᠨ ᠤᠰᠤᠨ ᠳᠤ  ᠴᠡᠴᠡᠬᠤ ᠠᠴᠠ ᠰᠡᠷᠭᠡᠶᠢᠯᠡᠬᠦ ᠤᠬᠠᠭᠤᠯᠭ᠎ᠠ ᠶᠢᠨ ᠹᠢᠯᠢᠮ ᠢ ᠦᠵᠡᠭᠦᠯᠵᠦ᠂ ᠤᠰᠤᠨ ᠳᠤ ᠴᠡᠴᠡᠬᠤ ᠠᠴᠠ ᠰᠡᠷᠭᠡᠶᠢᠯᠡᠬᠦ ︽ᠵᠢᠷᠭᠤᠭᠠᠨ ᠪᠣᠯᠬᠤ ᠦᠭᠡᠢ︾ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠬᠡᠷ ᠤᠨ ᠠᠬᠠᠮᠠᠳ ᠢ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠠᠰᠤᠨ ᠳᠤ ᠥᠯᠥ ᠭᠦᠷᠦᠭᠰᠡᠳ ᠤᠨ ᠤᠰᠤᠨ ᠳᠤ ᠴᠡᠴᠡᠬᠤ ᠠᠴᠠ ᠰᠡᠷᠭᠡᠶᠢᠯᠡᠬᠦ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ ᠭᠡᠵᠦ ᠤᠷᠢᠶᠠᠯᠠᠵᠠᠶ᠃      ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠴᠢᠬᠤᠯᠠᠲᠠᠢ︕ ᠾᠧ ᠫᠢᠩ ᠨᠡᠶᠢᠭᠡᠮ ᠲᠣᠭᠤᠷᠢᠭ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠠᠰᠤᠨ ᠳᠤ ᠥᠯᠥ ᠭᠦᠷᠦᠭᠰᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠶ᠎ᠠ ᠣᠷᠣᠨ ᠤ ᠨᠠᠰᠤᠨ ᠳᠤ ᠥᠯᠥ ᠭᠦᠷᠦᠭᠰᠡᠳ ᠤᠨ ᠤᠰᠤᠨ ᠳᠤ ᠴᠡᠴᠡᠬᠤ ᠡ᠊ᠨᠳᠡᠯ ᠭᠠᠷᠬᠤ ᠶᠢ ᠬᠤᠷᠢᠭᠯᠠᠭᠰᠠᠨ ᠪᠥᠭᠡᠳ ᠨᠡᠶᠢᠭᠡᠮ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠲᠤ ᠪᠠᠲᠤ ᠪᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠭᠦᠭᠰᠡᠨ ᠪᠠᠶᠢᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号