ᠷᠠᠰᠢᠶᠠᠨ ᠬᠤᠳᠠ ᠶᠢᠨ ᠵᠠᠰᠠᠭ ᠤᠨ ᠤᠷᠳᠤᠨ 2024 ᠤᠨ ᠤ ᠵᠢᠷᠭᠤᠳᠤᠭᠠᠷ ᠤᠳᠠᠭᠠᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/7/25
       7 ᠰᠠᠷ᠎ᠠ ᠶᠢᠨ 24 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ 2024 ᠣᠨ ᠤ ᠵᠢᠷᠭᠤᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠠᠵᠢᠯ᠂ 2024 ᠣᠨ ᠤ ᠠᠷᠠᠳ ᠤᠨ ᠠᠮᠢᠳᠤᠷᠠᠯ ᠤᠨ ︽ᠦᠴᠣᠭᠡᠨ ᠪᠣᠳᠠᠲᠤ ᠶᠠᠪᠤᠳᠠᠯ︾ ᠤᠨ ᠠᠵᠢᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠥᠪᠡᠷᠲᠡᠭᠡᠨ ᠵᠠᠰᠠᠬᠤ ᠣᠷᠣᠨ ᠤ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠱᠠᠯᠠᠪᠳᠠᠭᠤᠯᠤᠨ ᠭᠦᠢᠴᠡᠳᠬᠡᠬᠦ ᠵᠦᠢᠯᠡᠰ ᠤᠨ ᠠᠵᠢᠯ ᠤᠨ ᠠᠬᠢᠴᠠ ᠵᠡᠷᠭᠡ ᠶᠠᠪᠤᠳᠠᠯ ᠢ ᠰᠣᠨᠣᠰᠴᠠᠢ᠃ ᠬᠤᠲᠠ ᠶᠢᠨ ᠤᠳᠤᠷᠢᠳᠤᠯᠭ᠎ᠠ ᠰᠦᠨ ᠪᠠᠶ ᠴᠤᠸᠠᠨ᠂ ᠵᠣᠣ ᠶᠤᠸᠠᠨ᠂ ᠶᠠᠩ ᠴᠢᠶᠦ᠋ᠩ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠵᠣᠣ ᠰᠢ ᠵᠢᠦ᠂ ᠪᠠᠶ ᠹᠧᠩ᠂ ᠤᠣ ᠹᠧᠩ ᠪᠢᠨ᠂ ᠸᠠᠩ ᠬᠠᠶ ᠵᠢᠶᠦ᠋ᠨ ᠵᠢᠴᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠡᠨ ᠨᠦᠬᠦᠳ ᠲᠣᠰ ᠬᠤᠷᠠᠯ ᠳᠤ ᠣᠷᠣᠯᠴᠠᠵᠠᠶ᠃      ᠬᠤᠷᠠᠯ ᠠᠴᠠ᠂ ᠡᠯ᠎ᠡ ᠪᠠᠯᠭᠠᠰᠤ ᠵᠡᠭᠡᠯᠢ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠣᠯᠣᠰ ᠲᠦᠷᠣ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠷᠠᠳ ᠤᠨ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ︽ᠦᠴᠣᠭᠡᠨ ᠪᠣᠳᠠᠲᠤ ᠶᠠᠪᠤᠳᠠᠯ︾ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ︽ᠦᠴᠣᠭᠡᠨ ᠪᠣᠳᠠᠲᠤ ᠶᠠᠪᠤᠳᠠᠯ︾ ᠢ ︽ᠠᠷᠡᠳ ᠤᠨ ᠲᠦᠯᠣᠭᠡ︾ ᠪᠣᠯᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠲᠦᠷᠦᠭᠳᠡᠯ᠂ ᠮᠡᠳᠡᠷᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠦᠴᠦᠨ ᠲᠠᠢ ᠬᠤᠭᠤᠴᠠᠭ᠎ᠠ ᠶᠢ ᠪᠠᠲᠤᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠱᠠᠭᠠᠷᠳᠠᠯᠭ᠎ᠠ ᠪᠠ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠢᠯᠡᠳᠬᠡᠯ ᠳᠤ ᠳᠤᠷᠠᠳᠤᠭᠰᠠᠨ ᠭᠤᠤᠯᠳᠠᠯᠭ᠎ᠠ ᠲᠠᠢ ᠱᠠᠯᠠᠪᠳᠡᠭᠤᠯᠣᠨ ᠭᠦᠢᠴᠡᠳᠬᠡᠯᠭᠡᠬᠦ ᠵᠦᠢᠯᠡᠰ ᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠵᠢᠯ ᠤᠨ ᠭᠤᠤᠯᠳᠠᠯᠭ᠎ᠠ ᠪᠠ ᠴᠢᠭᠯᠡᠯ ᠢᠶᠠᠨ ᠲᠣᠳᠣᠷᠬᠠᠶᠢᠯᠠᠨ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠳᠣᠷᠡᠯ ᠬᠦᠴᠦᠨ ᠢ ᠪᠣᠶ ᠪᠣᠯᠭᠠᠨ᠂ ᠠᠵᠢᠯ ᠢᠶᠠᠨ ᠴᠠᠭ ᠲᠤᠬᠠᠶ ᠳᠤᠨᠢ᠂ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠣ ᠴᠢᠬᠤᠯᠠᠴᠢᠯᠡᠪᠡ᠃    
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号