ᠲᠡᠭᠦᠰᠬᠦ ᠰᠤᠷᠤᠭᠴᠢᠳ ᠳᠠᠩᠰᠠ ᠡᠪᠬᠡᠮᠡᠯ ᠢᠶᠠᠨ ᠬᠡᠷᠬᠢᠨ ᠳᠠᠮᠵᠢᠭᠤᠯᠤᠨ ᠬᠦᠷᠭᠡᠬᠦ ᠪᠠ ᠬᠠᠳᠠᠭᠠᠯᠠᠬᠤ ᠪᠤᠢ︖
ᠨᠡᠶᠢᠲᠡᠯᠡᠭᠰᠡᠨ ᠴᠠᠭ᠄
2024/7/25
     ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠪᠣᠯ ᠬᠤᠪᠢ ᠬᠥᠮᠥᠨ ᠤ ᠤᠯᠤᠰ ᠲᠥᠷᠥ ᠶᠢᠨ ᠳᠦᠷᠰᠦ ᠪᠠᠶᠢᠳᠠᠯ᠂ ᠰᠤᠷᠤᠯᠴᠠᠭᠰᠠᠨ ᠥᠩᠭᠡᠷᠡᠯᠲᠡ ᠪᠠ ᠠᠵᠢᠯᠯᠠᠭᠰᠠᠨ ᠥᠩᠭᠡᠷᠡᠯᠲᠡ ᠶᠢ ᠲᠤᠰᠬᠠᠭᠰᠠᠨ ᠲᠡᠦᠬᠡ ᠶᠢᠨ ᠲᠡᠮᠳᠡᠭᠯᠡᠯ ᠤᠨ ᠮᠠᠲ᠋ᠧᠷᠢᠶᠠᠯ ᠪᠣᠯᠣᠨ᠎ᠠ᠃ ᠲᠡᠩᠰᠠ ᠡᠪᠬᠡᠮᠡᠯ ᠢ ᠬᠡᠷᠬᠢᠨ ᠰᠢᠯᠵᠢᠭᠦᠯᠬᠦ᠂ ᠬᠡᠨ ᠬᠠᠮᠢᠶᠠᠷᠬᠤ᠂ ᠬᠡᠷᠬᠢᠨ ᠬᠡᠷᠡᠭᠯᠡᠬᠦ ᠪᠤᠢ︖ ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠦᠳᠡᠯ ᠬᠦᠮᠦᠰ ᠤᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠨᠦᠬᠦᠷ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠠᠶᠢᠯᠪᠤᠷᠢ ᠬᠢᠪᠡ᠃      ᠠᠰᠠᠭᠤᠯᠲᠠ᠄ ᠲᠠᠩᠰᠠ ᠡᠪᠬᠡᠮᠡᠯ ᠨᠢ ᠶᠠᠮᠠᠷ ᠦᠢᠯᠡᠳᠦᠯ ᠲᠠᠢ ᠪᠣᠶ︖      ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠰᠤᠷᠭᠠᠭᠤᠯᠢ ᠳᠤ ᠪᠠᠶᠢᠬᠤ ᠳᠤ ᠨᠢ ᠰᠣᠷᠣᠭᠴᠢ ᠶᠢᠨ ᠲᠠᠩᠰᠠ ᠡᠪᠬᠡᠮᠡᠯ ᠭᠡᠳᠡᠭ᠃ ᠲᠡᠭᠦᠰᠦᠭᠡᠳ ᠠᠵᠢᠯᠯᠠᠭᠰᠠᠨ ᠤ ᠳᠠᠷᠠᠭ᠎ᠠ ᠡᠭᠦᠨ ᠤ ᠰᠠᠭᠤᠷᠢᠨ ᠳᠡᠭᠡᠷ᠎ᠡ ᠪᠣᠶ ᠪᠣᠯᠤᠭᠰᠠᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠤᠮᠵᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡ ᠥᠷᠨᠢᠭᠦᠯᠬᠦ ᠴᠢᠬᠤᠯᠠ ᠦᠨᠳᠦᠰᠦᠯᠡᠯ ᠮᠥᠨ᠃ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠳᠤ ᠣᠷᠣᠯᠴᠠᠬᠤ᠂ ᠨᠠᠮ ᠳᠤ ᠣᠷᠣᠬᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠬᠢᠬᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠬᠠᠷᠭᠤᠭᠤᠯᠤᠨ ᠵᠥᠪᠰᠢᠶᠡᠷᠡᠬᠦ ᠵᠡᠷᠭᠡ ᠵᠦᠢᠯᠡᠰ ᠢ ᠭᠦᠢᠴᠡᠳᠬᠡᠬᠦ ᠳᠤ ᠴᠥᠮ ᠲᠠᠩᠰᠠ ᠡᠪᠬᠡᠮᠡᠯ ᠳᠠᠬᠢ ᠬᠠᠮᠢᠶ᠎ᠠ ᠪᠦᠬᠦᠢ ᠮᠠᠲ᠋ᠧᠷᠢᠶᠠᠯ ᠢ ᠬᠡᠷᠡᠭᠰᠡᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠡᠷᠬᠡᠪᠰᠢ ᠴᠢᠬᠤᠯᠠᠴᠢᠯᠠᠨ ᠦᠵᠡᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢᠶᠠᠨ ᠰᠠᠶᠢᠲᠤᠷ ᠳᠠᠮᠵᠢᠭᠤᠯᠤᠨ ᠬᠦᠷᠭᠡᠬᠦ ᠬᠡᠷᠡᠭᠲᠡᠢ᠃      ᠠᠰᠠᠭᠤᠯᠲᠠ᠄ ᠰᠤᠷᠭᠠᠭᠤᠯᠢ ᠲᠡᠭᠦᠰᠦᠭᠰᠡᠨ ᠤ ᠲᠠᠷᠠᠭ᠎ᠠ ᠲᠠᠩᠰᠠ ᠡᠪᠬᠡᠮᠡᠯ ᠢ ᠬᠠᠮᠢᠭᠠᠰᠢ ᠰᠢᠯᠵᠢᠭᠦᠯᠬᠦ ᠪᠤᠢ︖      ᠬᠠᠷᠢᠭᠤᠯᠲᠠ᠄ ᠬᠡᠷᠪᠡ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯ ᠣᠯᠣᠭᠰᠠᠨ ᠪᠤᠶᠤ ᠬᠠᠨᠳᠤᠯᠭ᠎ᠠ ᠲᠠᠢ ᠪᠠᠷ ᠰᠤᠷᠤᠭᠴᠢ ᠡᠯᠰᠡᠵᠦ ᠠᠵᠢᠯ ᠣᠯᠣᠭᠰᠠᠨ ᠪᠠᠶᠢᠪᠠᠯ᠂ ᠳᠠᠩᠰᠠ ᠡᠪᠬᠡᠮᠡᠯ ᠢᠶᠠᠨ ᠠᠵᠢᠯ ᠣᠯᠣᠭᠰᠠᠨ ᠨᠢᠭᠡᠴᠢ ᠪᠤᠶᠤ ᠬᠠᠨᠳᠤᠯᠭ᠎ᠠ ᠲᠠᠢ ᠨᠢᠭᠡᠴᠢ ᠳᠤ ᠳᠠᠮᠵᠢᠭᠤᠯᠤᠨ ᠬᠦᠷᠭᠡᠨ᠎ᠡ᠃      ᠨᠡᠶᠢᠲᠡ ᠶᠢᠨ ᠥᠮᠴᠢᠯᠡᠯ ᠤᠨ ᠪᠤᠰᠤ ᠨᠢᠭᠡᠴᠢ ᠳᠤ ᠠᠵᠢᠯ ᠣᠯᠣᠭᠰᠠᠨ᠂ ᠠᠮᠢᠳᠤᠯᠢᠭ ᠢᠶᠠᠷ ᠠᠵᠢᠯ ᠣᠯᠣᠭᠰᠠᠨ ᠵᠢᠴᠢ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠭᠰᠠᠨ ᠪᠠᠶᠢᠪᠠᠯ᠂ ᠠᠵᠢᠯ ᠣᠯᠵᠤ ᠦᠢᠯᠡᠰ ᠴᠣᠭᠴᠠᠯᠠᠭᠰᠠᠨ ᠭᠠᠵᠠᠷ ᠪᠤᠶᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠢᠶᠠᠨ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠨ᠎ᠡ᠃ ᠬᠡᠳᠦ ᠶᠡᠭᠡ ᠬᠤᠳᠠ ᠳᠤ ᠠᠵᠢᠯ ᠣᠯᠣᠭᠰᠠᠨ ᠪᠠᠶᠢᠪᠠᠯ ᠪᠣᠳᠠᠲᠠᠢ ᠲᠦᠷᠦ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠯᠠᠪᠯᠠᠨ ᠠᠰᠠᠭᠤᠬᠤ ᠬᠡᠷᠡᠭᠲᠡᠢ᠃      ᠬᠠᠷᠠᠬᠠᠨ ᠠᠵᠢᠯ ᠣᠯᠣᠭᠠᠳᠤᠢ ᠪᠣᠯ᠂ ᠥᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠬᠦ ᠪᠤᠶᠤ ᠲᠣᠭᠲᠠᠭᠠᠯ ᠶᠣᠰᠣᠭᠠᠷ ᠶᠡᠭᠡ ᠳᠡᠭᠡᠳᠦ ᠰᠤᠷᠭᠠᠭᠤᠯᠢ ᠳᠤ ᠬᠤᠶᠠᠷ ᠵᠢᠯ ᠦᠯᠡᠳᠡᠭᠡᠵᠦ ᠪᠣᠯᠣᠨ᠎ᠠ᠃      ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠬᠡᠨ ᠬᠠᠳᠠᠭᠠᠯᠠᠵᠤ ᠪᠣᠯᠬᠤ ᠪᠣᠶ︖      ᠬᠠᠷᠢᠭᠤᠯᠲᠠ᠄ ᠠᠯᠪᠠᠨ ᠤ ᠪᠤᠰᠤ ᠨᠢᠭᠡᠴᠢ ᠳᠤ ᠠᠵᠢᠯ ᠣᠯᠣᠭᠰᠠᠨ ᠪᠠ ᠬᠠᠷᠠᠬᠠᠨ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠰᠢᠶᠠᠨ ᠤ ᠱᠠᠲᠤᠨ ᠠᠴᠠ ᠳᠡᠭᠡᠭᠰᠢᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠵᠢᠴᠢ ᠮᠤᠵᠢ ᠶᠢᠨ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠠᠮᠢᠶᠠᠷᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠭᠲᠠᠭᠠᠭᠰᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠵᠤ ᠪᠣᠯᠣᠨ᠎ᠠ᠃      ᠠᠰᠠᠭᠤᠯᠲᠠ᠄ ᠲᠠᠩᠰᠠ ᠡᠪᠬᠡᠮᠡᠯ ᠢ ᠬᠡᠷᠬᠢᠨ ᠳᠠᠮᠵᠢᠭᠤᠯᠤᠨ ᠬᠦᠷᠭᠡᠬᠦ ᠪᠣᠶ︖ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠥᠪᠡᠷᠲᠡᠭᠡᠨ ᠳᠠᠮᠵᠢᠭᠤᠯᠤᠨ ᠬᠦᠷᠭᠡᠵᠦ ᠪᠣᠯᠬᠤ ᠦᠦ︖      ᠬᠠᠷᠢᠭᠤᠯᠲᠠ᠄ ᠳᠠᠩᠰᠠ ᠡᠪᠬᠡᠮᠡᠯ ᠢ ᠬᠤᠪᠢ ᠬᠥᠮᠥᠨ ᠬᠠᠳᠠᠭᠠᠯᠠᠬᠤ᠂ ᠠᠪᠴᠤ ᠶᠠᠪᠤᠬᠤ ᠪᠠ ᠳᠠᠮᠵᠢᠭᠤᠯᠤᠨ ᠬᠦᠷᠭᠡᠬᠦ ᠶᠢ ᠴᠢᠩᠭ᠎ᠠ ᠴᠠᠭᠠᠵᠠᠯᠠᠨ᠎ᠠ᠃      ᠲᠡᠭᠦᠰᠬᠦ ᠰᠤᠷᠤᠭᠴᠢᠳ ᠰᠤᠷᠭᠠᠭᠤᠯᠢ ᠠᠴᠠ ᠪᠠᠨ ᠶᠠᠪᠤᠬᠤ ᠠᠴᠠ ᠡᠮᠦᠨ᠎ᠡ᠂ ᠶᠡᠭᠡ ᠳᠡᠭᠡᠳᠦ ᠰᠤᠷᠭᠠᠭᠤᠯᠢ ᠨᠤᠭᠤᠳ ᠡᠩ ᠲᠡᠷᠢᠭᠦᠨ ᠳᠤ ᠲᠣᠭᠲᠠᠭᠠᠯ ᠶᠣᠰᠣᠭᠠᠷ ᠲᠡᠭᠦᠰᠬᠦ ᠰᠤᠷᠤᠭᠴᠢᠳ ᠤᠨ ᠳᠠᠩᠰᠠᠯᠠᠯᠲᠠ ᠶᠢᠨ ᠬᠦᠰᠦᠨᠦᠭᠲᠦ᠂ ᠬᠢᠷᠢ ᠪᠦᠲᠦᠮᠵᠢ ᠶᠢᠨ ᠬᠠᠭᠤᠳᠠᠰᠤ᠂ ᠨᠠᠮ ᠪᠠ ᠡᠪᠯᠡᠯ ᠤᠨ ᠵᠣᠬᠢᠶᠠᠨ ᠪᠠᠶᠢᠭᠤᠯᠤᠯᠲᠠ᠂ ᠱᠠᠩᠨᠠᠵᠤ ᠲᠣᠷᠭᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ ᠢ ᠡᠮᠬᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠦᠷᠢᠨ ᠲᠠᠩᠰᠠ ᠡᠪᠬᠡᠮᠡᠯ ᠢ ᠪᠦᠷᠢᠯᠳᠦᠭᠦᠯᠬᠦ ᠬᠡᠷᠡᠭᠲᠡᠢ᠃ ᠳᠠᠷᠠᠭ᠎ᠠ ᠳᠤ ᠨᠢ ᠲᠡᠭᠦᠰᠬᠦ ᠰᠤᠷᠤᠭᠴᠢᠳ ᠤᠨ ᠲᠠᠭᠯᠠᠭᠰᠠᠨ ᠲᠡᠭᠦᠰᠦᠭᠰᠡᠨ ᠤ ᠳᠠᠷᠠᠭᠠᠬᠢ ᠬᠠᠨᠳᠤᠰᠢ ᠶᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠦᠨᠳᠦᠰᠦᠯᠡᠨ ᠠᠵᠢᠯ ᠳᠤ ᠣᠷᠣᠬᠤ ᠨᠢᠭᠡᠴᠢ ᠶᠢᠨ ᠨᠡᠷᠡᠶᠢᠳᠦᠯ᠂ ᠳᠠᠮᠵᠢᠭᠤᠯᠤᠨ ᠬᠦᠷᠭᠡᠬᠦ ᠳ᠋ᠤᠭᠠᠷ ᠵᠡᠷᠭᠡ ᠠᠭᠤᠯᠭ᠎ᠠ ᠶᠢ ᠲᠣᠭᠲᠠᠭᠠᠵᠤ᠂ ︽ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠬᠠᠭᠤᠳᠠᠰᠤ︾ ᠶᠢ ᠲᠠᠭᠯᠠᠭᠰᠠᠨ ᠤ ᠲᠠᠷᠠᠭ᠎ᠠ᠂ ᠲᠠᠩᠰᠠ ᠡᠪᠬᠡᠮᠡᠯ ᠪᠠ ᠳᠠᠮᠵᠢᠭᠤᠯᠤᠨ ᠬᠦᠷᠭᠡᠬᠦ ᠬᠠᠭᠤᠳᠠᠰᠤ ᠶᠢ ᠴᠢᠬᠤᠯᠠ ᠨᠢᠭᠤᠴᠠ ᠮᠡᠳᠡᠭᠡ ᠬᠤᠯᠪᠣᠭ᠎ᠠ ᠪᠤᠶᠤ ᠰᠢᠤᠳᠠᠨ ᠤ ᠣᠨᠴᠠ ᠲᠦᠷᠭᠡᠨ ᠲᠤᠰᠬᠠᠢ ᠬᠦᠷᠭᠡᠬᠦ ᠠᠷᠭ᠎ᠠ ᠵᠠᠮ ᠢᠶᠠᠷ ᠢᠯᠡᠭᠡᠨ᠎ᠡ᠃      ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠥᠪᠡᠷ ᠤᠨ ᠲᠠᠩᠰᠠ ᠡᠪᠬᠡᠮᠡᠯ ᠢᠶᠠᠨ ᠬᠡᠷᠬᠢᠨ ᠡᠷᠢᠵᠦ ᠣᠯᠬᠤ ᠪᠣᠶ︖      ᠬᠠᠷᠢᠭᠤᠯᠲᠠ᠄ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠨᠲᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠴᠢᠬᠤ ᠭᠠᠵᠠᠷ ᠤᠨ ᠳᠠᠩᠰᠠᠯᠠᠯᠲᠠ ᠶᠢᠨ ᠳᠦᠷᠢᠮ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠭᠯᠠᠭᠰᠠᠨ ᠣᠴᠢᠬᠤ ᠭᠠᠵᠠᠷ ᠤᠨ ᠳᠠᠩᠰᠠᠯᠠᠯᠲᠠ ᠶᠢᠨ ᠮᠡᠳᠡᠭᠡ ᠵᠠᠩᠭᠢ ᠶᠣᠰᠣᠭᠠᠷ ᠲᠠᠩᠰᠠ ᠡᠪᠬᠡᠮᠡᠯ ᠢ ᠳᠡᠮᠵᠢᠭᠤᠯᠤᠨ ᠬᠦᠷᠭᠡᠨ᠎ᠡ᠃ ᠲᠡᠭᠦᠰᠬᠦ ᠰᠤᠷᠤᠭᠴᠢᠳ ᠤᠤᠯ ᠤᠨ ᠰᠤᠷᠤᠯᠴᠠᠵᠤ ᠪᠠᠶᠢᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠳᠡᠮᠵᠢᠨ ᠲᠠᠩᠰᠠ ᠡᠪᠬᠡᠮᠡᠯ ᠳᠠᠮᠵᠢᠭᠤᠯᠤᠨ ᠬᠦᠷᠭᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠣᠨ᠎ᠠ᠂ ᠪᠠᠰᠠ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠪᠠᠶᠢᠴᠠᠭᠠᠨ ᠯᠠᠪᠯᠠᠵᠤ ᠪᠣᠯᠣᠨ᠎ᠠ᠃      ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠬᠠᠳᠠᠭᠠᠯᠠᠬᠤ ᠳᠤ ᠰᠦᠢᠳᠬᠡᠯ ᠬᠤᠷᠢᠶᠠᠨ᠎ᠠ ᠦᠦ︖      ᠬᠠᠷᠢᠭᠤᠯᠲᠠ᠄ ᠰᠦᠢᠳᠬᠡᠯ ᠬᠤᠷᠢᠶᠠᠬᠤ ᠦᠭᠡᠢ᠃ 2015 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠭᠡᠳ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠵᠢᠴᠢ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠵᠠᠷᠤᠳᠠᠯ᠂ ᠪᠠᠶᠢᠴᠠᠭᠠᠨ ᠦᠵᠡᠬᠦ ᠵᠠᠷᠤᠳᠠᠯ᠂ ᠭᠡᠷᠡᠴᠢᠯᠡᠬᠦ ᠵᠠᠷᠤᠳᠠᠯ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠵᠠᠷᠤᠳᠠᠯ ᠵᠡᠷᠭᠡ ᠨᠡᠷ᠎ᠡ ᠵᠢᠭᠠᠭᠰᠠᠨ ᠵᠠᠷᠤᠳᠠᠯ ᠬᠤᠷᠢᠶᠠᠬᠤ ᠶᠢ ᠨᠢᠭᠡᠨᠲᠡ ᠬᠦᠴᠦᠨ ᠦᠭᠡᠢ ᠪᠣᠯᠭᠠᠪᠠ᠃      ᠠᠰᠠᠭᠤᠯᠲᠠ᠄ ᠲᠠᠩᠰᠠ ᠡᠪᠬᠡᠮᠡᠯ ᠤᠨ ᠳᠣᠲᠣᠷᠠᠬᠢ ᠮᠡᠳᠡᠭᠡ ᠵᠠᠩᠭᠢ ᠳᠤ ᠬᠤᠪᠢᠷᠠᠯᠲᠠ ᠲᠠᠢ ᠪᠣᠯ ᠰᠢᠨᠡᠳᠬᠡᠬᠦ ᠴᠢᠬᠤᠯᠠᠲᠠᠢ ᠦᠦ︖      ᠬᠠᠷᠢᠭᠤᠯᠲᠠ᠄ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠲᠠᠩᠰᠠ ᠡᠪᠬᠡᠮᠡᠯ ᠤᠨ ᠮᠠᠲ᠋ᠧᠷᠢᠶᠠᠯ ᠢ ᠦᠨᠳᠦᠰᠦᠯᠡᠨ ᠦᠢᠯᠡᠴᠢᠯᠡᠭᠡ ᠬᠠᠩᠭᠠᠨ᠎ᠠ᠂ ᠬᠡᠷᠪᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠨ᠎ᠡ ᠮᠠᠲ᠋ᠧᠷᠢᠶᠠᠯ ᠪᠤᠢ ᠪᠣᠯᠣᠭᠰᠠᠨ ᠪᠠᠶᠢᠪᠠᠯ᠂ ᠴᠠᠭ ᠲᠤᠬᠠᠢ ᠳᠤ ᠨᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠪᠴᠤ ᠬᠡᠯᠡᠪᠡᠯ᠂ ᠤᠯᠤᠰ ᠲᠥᠷᠥ ᠶᠢᠨ ᠳᠦᠷᠰᠦ ᠪᠠᠶᠢᠳᠠᠯ ᠂ ᠠᠵᠢᠯᠯᠠᠭᠰᠠᠨ ᠥᠩᠭᠡᠷᠡᠯᠲᠡ᠂ ᠬᠥᠮᠦᠵᠢᠯ ᠪᠣᠯᠪᠠᠰᠤᠷᠠᠯ᠂ ᠠᠵᠢᠯ ᠮᠡᠷᠭᠡᠵᠢᠯ ᠤᠨ ᠬᠢᠷᠢ ᠬᠡᠮ᠂ ᠮᠡᠷᠭᠡᠵᠢᠯ ᠤᠨ ᠴᠣᠯᠠ ᠵᠡᠷᠭᠡ ᠶᠢ ᠲᠤᠰᠬᠠᠭᠰᠠᠨ ᠮᠠᠲ᠋ᠧᠷᠢᠶᠠᠯ ᠵᠢᠴᠢ ᠠᠵᠢᠯ ᠤᠨ ᠬᠤᠪᠢᠷᠠᠯᠲᠠ ᠶᠢᠨ ᠳᠤᠮᠳᠠ ᠪᠣᠶ ᠪᠣᠯᠤᠭᠰᠠᠨ ᠬᠥᠳᠡᠯᠮᠦᠷᠢ ᠶᠢᠨ ᠭᠡᠷ᠎ᠡ᠂ ᠠᠵᠤ ᠠᠬᠤᠶᠢᠯᠠᠯ ᠤᠨ ᠡᠯᠰᠡᠨ ᠬᠡᠷᠡᠭᠯᠡᠬᠦ ᠭᠠᠷᠳᠠᠮ᠂ ᠠᠵᠢᠯ ᠣᠯᠭᠤᠯᠲᠠ ᠶᠢᠨ ᠳᠠᠩᠰᠠᠯᠠᠯᠲᠠ᠂ ᠬᠥᠳᠡᠯᠮᠦᠷᠢ ᠬᠦᠴᠦᠨ ᠢ ᠬᠡᠷᠡᠭᠯᠡᠬᠦ ᠳᠠᠩᠰᠠᠯᠠᠯᠲᠠ ᠵᠡᠷᠭᠡ ᠮᠠᠲ᠋ᠧᠷᠢᠶᠠᠯ ᠢ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠨᠠᠨ ᠲᠣᠳᠣᠯᠠᠵᠤ ᠡᠮᠬᠢᠯᠡᠭᠰᠡᠨ ᠤ ᠳᠠᠷᠠᠭ᠎ᠠ ᠲᠠᠩᠰᠠ ᠡᠪᠬᠡᠮᠡᠯ ᠳᠤ ᠣᠷᠣᠭᠤᠯᠤᠨ᠎ᠠ᠃      ᠠᠰᠠᠭᠤᠯᠲᠠ᠄ ᠬᠡᠷᠪᠡ ᠠᠵᠢᠯ ᠢᠶᠠᠨ ᠬᠠᠶᠠᠭᠠᠳ ᠳᠠᠬᠢᠨ ᠠᠵᠢᠯ ᠣᠯᠣᠭᠰᠠᠨ ᠪᠠᠶᠢᠪᠠᠯ᠂ ᠲᠠᠩᠰᠠ ᠡᠪᠬᠡᠮᠡᠯ ᠢ ᠬᠠᠮᠢᠭ᠎ᠠ ᠬᠠᠳᠠᠭᠠᠯᠠᠬᠤ ᠪᠣᠶ︖      ᠬᠠᠷᠢᠭᠤᠯᠲᠠ᠄ ᠲᠠᠩᠰᠠ ᠡᠪᠬᠡᠮᠡᠯ ᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠭᠰᠠᠨ ᠪᠠᠶᠢᠪᠠᠯ᠂ ᠤᠤᠯ ᠤᠨ ᠪᠠᠶᠢᠭᠤᠯᠤᠮᠵᠢ ᠦᠷᠭᠦᠯᠵᠢᠯᠡᠨ ᠬᠠᠳᠠᠭᠠᠯᠠᠨ ᠬᠠᠮᠢᠶᠠᠷᠤᠨ᠎ᠠ᠃ ᠲᠠᠩᠰᠠ ᠡᠪᠬᠡᠮᠡᠯ ᠢ ᠠᠵᠢᠯ ᠣᠯᠣᠭᠰᠠᠨ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠭᠰᠠᠨ ᠪᠠᠶᠢᠪᠠᠯ᠂ ᠴᠠᠭ ᠲᠤᠬᠠᠢ ᠳᠤ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠤ ᠪᠠᠨ ᠳᠠᠮᠵᠢᠭᠤᠯᠤᠨ ᠬᠦᠷᠭᠡᠬᠦ ᠪᠤᠶᠤ ᠰᠢᠨ᠎ᠡ ᠠᠵᠢᠯᠯᠠᠬᠤ ᠨᠢᠭᠡᠴᠢ ᠶᠢᠨ ᠰᠢᠨᠵᠢ ᠴᠢᠨᠠᠷ ᠢ ᠦᠨᠳᠦᠰᠦᠯᠡᠨ᠂ ᠰᠢᠨ᠎ᠡ ᠠᠵᠢᠯᠯᠠᠬᠤ ᠨᠢᠭᠡᠴᠢ ᠪᠤᠶᠤ ᠰᠢᠨ᠎ᠡ ᠠᠵᠢᠯ ᠣᠯᠣᠭᠰᠠᠨ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠬᠦ ᠬᠡᠷᠡᠭᠲᠡᠢ᠃ ᠲᠠᠩᠰᠠ ᠡᠪᠬᠡᠮᠡᠯ ᠰᠢᠯᠵᠢᠭᠦᠯᠬᠦ ᠭᠠᠷᠳᠠᠮ ᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠣᠩᠬᠤᠪᠴᠢ ᠳᠤ ᠭᠦᠢᠴᠡᠳᠬᠡᠵᠦ ᠪᠣᠯᠬᠤ ᠪᠥᠭᠡᠳ ᠬᠠᠮᠢᠶ᠎ᠠ ᠪᠦᠬᠦᠢ ᠰᠦᠯᠵᠢᠶᠡᠨ ᠳᠡᠭᠡᠷᠡᠬᠢ ᠲᠠᠪᠴᠠᠩ ᠳᠤ ᠭᠦᠢᠴᠡᠳᠬᠡᠭᠰᠡᠨ ᠴᠦ ᠪᠣᠯᠣᠨ᠎ᠠ᠃      ᠠᠰᠠᠭᠤᠯᠲᠠ᠄ ᠲᠠᠩᠰᠠ ᠡᠪᠬᠡᠮᠡᠯ ᠤᠨ ᠬᠠᠮᠢᠶ᠎ᠠ ᠪᠦᠬᠦᠢ ᠦᠢᠯᠡᠴᠢᠯᠡᠭᠡ ᠶᠢ ᠰᠦᠯᠵᠢᠶᠡᠨ ᠳᠡᠭᠡᠷ᠎ᠡ ᠬᠡᠷᠬᠢᠨ ᠭᠦᠢᠴᠡᠳᠬᠡᠬᠦ ᠪᠣᠶ︖      ᠬᠠᠷᠢᠭᠤᠯᠲᠠ᠄ 2021 ᠣᠨ ᠤ ᠡᠴᠦᠰ ᠲᠤ᠂ ᠪᠥᠬᠦ ᠤᠯᠤᠰ ᠤᠨ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠯᠠᠬᠤ ᠲᠠᠪᠴᠠᠩ ᠢ ᠰᠦᠯᠵᠢᠶᠡᠨ ᠳᠤ ᠭᠠᠷᠭᠠᠵᠤ᠂ ᠲᠠᠩᠰᠠ ᠡᠪᠬᠡᠮᠡᠯ ᠤᠨ ᠰᠠᠭᠤᠷᠢ ᠮᠡᠳᠡᠭᠡ ᠵᠠᠩᠭᠢ ᠶᠢᠨ ᠳ᠋ᠠᠶᠢᠲ᠋ᠠ ᠶᠢ ᠨᠢᠭᠡᠨᠲᠡ ᠲᠠᠪᠴᠠᠩ ᠳᠤ ᠭᠠᠷᠭᠠᠭᠰᠠᠨ ᠨᠡᠭᠦᠳᠡᠯ ᠬᠥᠮᠥᠰ ᠤᠨ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠵᠦ ᠬᠦᠯᠢᠶᠡᠨ ᠠᠪᠬᠤ ᠵᠡᠷᠭᠡ ᠥᠨᠳᠥᠷ ᠲᠠᠪᠲᠠᠮᠵᠢᠲᠦ ᠦᠢᠯᠡᠴᠢᠯᠡᠭᠡ ᠭᠦᠢᠴᠡᠳᠬᠡᠬᠦ ᠶᠢ ᠳᠡᠮᠵᠢᠵᠦ᠂ ᠪᠠᠰᠠ ᠬᠠᠮᠢᠶ᠎ᠠ ᠪᠦᠬᠦᠢ ᠲᠠᠩᠰᠠ ᠡᠪᠬᠡᠮᠡᠯ ᠳᠤ ᠣᠷᠣᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠣᠨ᠎ᠠ᠃ ᠪᠣᠳᠠᠲᠠᠢ ᠲᠤᠬᠠᠶᠢᠯᠠᠭᠰᠠᠨ ᠠᠵᠢᠯ ᠢ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠭᠤᠯᠤᠨ ᠨᠡᠪᠲᠡᠷᠡᠵᠦ᠂ ︽ᠮᠤᠵᠢ ᠠᠯᠤᠰᠯᠠᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ︾ ᠲᠤᠰᠬᠠᠢ ᠪᠤᠯᠤᠩ ᠳᠤ ᠭᠦᠢᠴᠡᠳᠬᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号