ᠸᠧᠨᠴᠢᠤᠸᠠᠨ ᠵᠡᠭᠡᠯᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠰᠢᠨᠵᠢᠯᠡᠨ ᠪᠠᠶᠢᠴᠠᠭᠠᠯᠳᠡ ᠬᠢᠪᠡ
ᠨᠡᠶᠢᠲᠡᠯᠡᠭᠰᠡᠨ ᠴᠠᠭ᠄
2024/7/26
      7 ᠰᠠᠷ᠎ᠠ ᠶᠢᠨ 24 ᠤ ᠡᠳᠦᠷ᠂  ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠬᠤᠲᠠ ᠶᠢᠨ ᠵᠠᠷᠢᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠸᠧ ᠯᠦᠩ ᠴᠧᠩ᠂ ᠹᠧᠩ ᠬᠤᠸᠠ ᠰᠠᠭᠤᠭᠠᠯᠢ ᠠᠷᠡᠳ ᠤᠨ ᠲᠣᠭᠤᠷᠢᠭ ᠢᠶᠠᠷ ᠬᠦᠷᠴᠣ  ᠵᠠᠮ ᠤᠨ ᠳ᠋ᠧᠩ ᠣᠬᠰᠠᠷᠡᠬᠰᠠᠨ ᠪᠠᠶᠢᠳᠡᠯ ᠪᠠ ᠶᠤᠸᠠᠨ ᠳ᠋ᠢᠩ ᠪᠠᠭ᠎ᠠ ᠲᠣᠭᠤᠷᠢᠭ ᠤᠨ ᠬᠠᠭᠤᠴᠢᠨ ᠰᠠᠭᠤᠭᠠᠯᠢ ᠠᠷᠡᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠪᠠᠶᠢᠴᠠᠭᠠᠨ ᠦᠵᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠵᠧᠤ ᠵᠢᠶᠦ᠋ᠨ ᠫᠧᠩ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠷᠢᠳ ᠬᠤᠵᠢᠳ ᠸᠧ ᠯᠦᠩ ᠴᠧᠩ ᠰᠠᠭᠤᠭᠠᠯᠢ ᠠᠷᠡᠳ ᠤᠨ ᠲᠣᠭᠤᠷᠢᠭ ᠢᠶᠠᠷ ᠬᠦᠷᠴᠦ᠂ ᠠᠷᠠᠳ ᠲᠤ ᠲᠥᠬᠦᠮ ᠦᠵᠡᠭᠦᠯᠬᠦ ᠵᠠᠮ ᠤᠨ ᠳ᠋ᠧᠩ ᠢ ᠤᠭᠰᠠᠷᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠵᠠᠮ ᠤᠨ ᠳ᠋ᠧᠩ ᠤᠨ ᠤᠭᠰᠠᠷᠠᠭᠰᠠᠨ ᠲᠤᠭ᠎ᠠ ᠬᠡᠮᠵᠢᠶ᠎ᠡ᠂ ᠭᠡᠷᠡᠯᠲᠦᠭᠦᠯᠭᠡ ᠶᠢᠨ ᠪᠠᠶᠢᠳᠠᠯ᠂ ᠰᠠᠭᠤᠭᠠᠯᠢ ᠠᠷᠠᠳ ᠤᠨ ᠠᠰᠢᠭ ᠭᠥᠷᠳᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠥᠯᠥᠭᠡᠯᠡᠭᠴᠢᠳ᠂ ᠨᠡᠷᠡᠨ ᠤ ᠡᠨᠧᠷᠭᠢ ᠶᠢᠨ ᠵᠠᠮ ᠤᠨ ᠳ᠋ᠧᠩ ᠤᠭᠰᠠᠷᠠᠬᠰᠠᠨ ᠨᠢ᠂ ᠣᠯᠠᠨ ᠲᠦᠮᠡᠨ ᠤ ︽ᠪᠠᠴᠢᠮᠳᠠᠵᠤ ᠲᠦᠪᠡᠭᠳᠡᠵᠣ ᠵᠣᠪᠠᠨᠢᠵᠤ ᠬᠦᠰᠡᠵᠦ ᠪᠠᠶᠢᠭ᠎ᠠ  ︾ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠡᠳ ᠤᠨ ᠲᠣᠭᠤᠷᠢᠭ ᠢ ︽ᠭᠡᠷᠡᠯᠲᠦᠭᠦᠯᠦᠭᠰᠡᠨ︾ ᠪᠠᠶᠢᠨ᠎ᠠ᠂ ᠨᠡᠷᠡᠨ ᠤ ᠡᠨᠧᠷᠭᠢ ᠶᠢᠨ ᠵᠠᠮ ᠤᠨ ᠳ᠋ᠧᠩ ᠨᠢ ᠵᠣᠭᠤᠰᠣᠨ ᠳᠤ ᠠᠷᠪᠢᠳᠡᠢ ᠮᠦᠷᠳᠡᠭᠡᠨ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠵᠤ᠂ ᠠᠷᠠᠳ ᠲᠤ ᠠᠰᠢᠭ ᠬᠦᠷᠲᠡᠭᠡᠭᠰᠠᠨ ᠰᠠᠶᠢᠨ ᠶᠠᠪᠤᠳᠠᠯ ᠮᠥᠨ᠃       ᠰᠢᠨᠵᠢᠯᠡᠨ ᠪᠠᠶᠢᠴᠠᠭᠠᠬᠤ ᠳᠤᠭᠤᠶᠢᠯᠠᠩ ᠶᠤᠸᠠᠨ ᠳ᠋ᠢᠩ ᠰᠠᠭᠤᠭᠠᠯᠢ ᠠᠷᠠᠳ ᠤᠨ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠪᠠᠷ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ︽ᠠᠷᠠᠳ ᠤᠨ ᠠᠮᠢᠳᠤᠷᠠᠯ ᠤᠨ ᠶᠡᠭᠡ ᠶᠠᠪᠤᠳᠠᠯ︾ ᠮᠥᠨ᠃ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠢ ᠨᠠᠷᠢᠨ ᠬᠢᠨᠠᠮᠠᠭᠠᠢ ᠠᠰᠠᠭᠤᠨ ᠯᠠᠪᠯᠠᠭᠰᠠᠨ ᠪᠥᠭᠡᠳ ᠪᠠᠷᠢᠯᠭ᠎ᠠ ᠶᠢᠨ ᠲᠠᠯ᠎ᠠ ᠶᠢᠨ ᠬᠢᠨ ᠢ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢ ᠱᠠᠯᠠᠪᠳᠠᠭᠤᠯᠪᠡ᠃       ᠪᠠᠶᠢᠴᠠᠭᠠᠨ ᠰᠣᠳᠣᠯᠬᠤ ᠪᠠᠷ ᠳᠠᠮᠵᠢᠨ᠂ ᠲᠥᠯᠥᠭᠡᠯᠡᠭᠴᠢᠳ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠳᠡᠨ ᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠡᠳ ᠲᠦᠮᠡᠨ ᠳᠤ ᠬᠠᠷᠢᠭᠤᠴᠠᠬᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ  ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠴᠢᠨᠠᠷ ᠰᠠᠶᠢᠲᠠᠢ ᠬᠢᠬᠦ ᠶᠢ ᠪᠠᠲᠤᠯᠠᠬᠤ ᠬᠡᠷᠡᠭᠲᠡᠢ︔ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠨᠡᠨ ᠬᠦ ᠠᠷᠠᠳ ᠤᠯᠠᠨ ᠤ ᠰᠡᠳᠬᠢᠯ ᠬᠠᠨᠤᠮᠵᠢᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号