ᠲᠢᠶᠠᠨ ᡂᠢ ᠨᠡᠶᠢᠭᠡᠮ ᠲᠣᠭᠤᠷᠢᠭ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/26
      ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠠᠭᠠᠯᠠᠮᠵᠢᠳᠡᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 24 ᠤ ᠡᠳᠦᠷ᠂  ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ︽ᠬᠤᠪᠢᠰᠬᠠᠯ ᠤᠨ ᠳᠣᠯᠣᠭᠠᠨ ᠰᠠᠷ᠎ᠡ · ᠦᠢᠯᠡᠴᠢᠯᠡᠭᠡᠨ ᠤ ᠰᠠᠷ᠎ᠠ︾ ᠶᠢᠨ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠡᠮᠬᠢ ᠵᠢᠷᠤᠮ ᠲᠠᠢ ᠪᠠᠷ ᠠᠵᠢᠯ ᠢᠶᠠᠨ ᠬᠤᠪᠢᠶᠠᠷᠢᠯᠠᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠢᠳᠡᠪᠬᠢᠲᠡᠢ ᠬᠠᠮᠵᠢᠯᠴᠠᠨ ᠦᠳᠲᠡᠷ ᠲᠦᠷᠭᠡᠨ ᠴᠡᠪᠡᠷᠯᠡᠬᠦ ᠠᠵᠢᠯ ᠳᠤ ᠣᠷᠣᠯᠴᠠᠭᠤᠯᠵᠤ᠂ ᠬᠠᠷᠢᠶ᠎ᠠ ᠣᠷᠣᠨ ᠤ ᠵᠠᠮ ᠤᠨ ᠬᠤᠶᠠᠷ ᠬᠠᠵᠠᠭᠤ ᠶᠢᠨ ᠪᠤᠵᠠᠷ ᠡᠪᠡᠰᠦ ᠶᠢ ᠪᠦᠬᠦ ᠲᠠᠯ᠎ᠠ ᠪᠠᠷ ᠴᠡᠪᠡᠷᠯᠡᠭᠰᠠᠨ ᠪᠠᠶᠢᠨ᠎ᠠ᠃ ᠲᠡᠳᠠᠨᠡᠷ ᠪᠤᠵᠠᠷ ᠪᠤᠷᠲᠠᠭ ᠠᠴᠠ ᠠᠶᠤᠬᠤ ᠦᠭᠡᠢ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠷᠢᠨ ᠨᠢᠮᠪᠠᠢ  ᠠᠵᠢᠯᠯᠠᠵᠣ᠂ ᠨᠡᠶᠢᠭᠡᠮ ᠲᠣᠭᠤᠷᠢᠭ ᠲᠤ ᠰᠢᠨ᠎ᠡ ᠲᠦᠷᠰᠣ ᠪᠠᠶᠢᠳᠡᠯ ᠢᠯᠡᠷᠡᠪᠡ᠃       ᠳᠠᠷᠠᠭᠠᠴᠢ ᠶᠢᠨ ᠠᠯᠬᠤᠮ ᠳᠤ᠂ ᠲᠢᠶᠠᠨ ᡂᠢ ᠨᠡᠶᠢᠭᠡᠮ ᠲᠣᠭᠤᠷᠢᠭ ᠤᠨ ᠬᠢᠨ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠲᠣᠰᠬᠤᠨ ᠤ ᠠᠷᠠᠳ ᠢ ᠲᠠᠶᠢᠴᠢᠯᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠭᠠᠷ ᠬᠤᠯᠪᠣᠨ ᠬᠥᠮᠦᠨ ᠪᠦᠬᠦᠨ ᠣᠷᠣᠯᠴᠠᠵᠤ᠂ ᠦᠷ᠎ᠡ ᠪᠦᠲᠦᠭᠡᠯ ᠢ ᠬᠠᠮᠳᠣᠪᠡᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠣ᠂ ᠲᠣᠰᠬᠤᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠤᠷᠳᠤ ᠬᠤᠭᠤᠴᠠᠭ᠎ᠠ ᠪᠠᠷ ᠪᠠᠲᠤᠯᠠᠬᠤ ᠪᠠ ᠪᠦᠲᠦᠮᠵᠢᠲᠡᠢ ᠳᠡᠭᠡᠭᠰᠢᠯᠡᠭᠦᠯᠬᠦ ᠶᠢ ᠪᠠᠲᠤᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ  ᠭᠠᠶᠢᠬᠠᠮᠰᠢᠬᠳᠣ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号