ᠢᠷᠪᠢᠰ ᠵᠡᠭᠡᠯᠢ ᠶᠢᠨ ᠨᠦᠮᠦᠷᠭᠡᠨ ᠨᠠᠶᠢᠭᠡᠮ ᠲᠣᠭᠤᠷᠢᠭ ᠨᠠᠷᠠᠰᠢᠬᠤ ᠠᠴᠠ ᠰᠡᠷᠭᠡᠶᠢᠯᠡᠬᠦ ᠣᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/7/26
      ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠷᠠᠰᠢᠬᠤ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠪᠠᠴᠢᠮ ᠪᠠᠶᠢᠳᠠᠯ ᠢ ᠠᠷᠭᠠᠴᠠᠭᠠᠬᠤ ᠶᠡᠷᠦ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠬᠦᠯᠣᠨ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠵᠤᠨᠰᠢᠯᠠᠬᠤ ᠶᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 24 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠣᠷᠭᠡᠨ ᠨᠡᠶᠢᠭᠡᠮ ᠲᠣᠭᠤᠷᠢᠭ ᠵᠣᠨ ᠤ ᠤᠯᠠᠷᠢᠯ ᠤᠨ ᠥᠨᠳᠥᠷ ᠬᠠᠯᠠᠭᠤᠨ ᠢ ᠰᠡᠷᠭᠡᠶᠢᠯᠡᠬᠦ ᠤᠬᠠᠭᠤᠯᠭ᠎ᠠ ᠬᠢᠵᠣ᠂ ᠬᠠᠷᠢᠶ᠎ᠠ ᠣᠷᠣᠨ ᠤ ᠥᠷᠭᠡᠨ ᠣᠯᠠᠨ ᠰᠠᠭᠤᠭᠠᠯᠢ ᠠᠷᠠᠳ  ᠲᠤ ᠬᠠᠶᠢᠷ᠎ᠠ ᠬᠠᠯᠠᠮᠵᠢ ᠬᠦᠷᠭᠡᠪᠡ᠃       ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠰᠠᠭᠤᠭᠠᠯᠢ ᠠᠷᠠᠳ ᠵᠢᠴᠢ ᠬᠤᠳᠠᠯᠳᠤᠭᠠᠴᠢᠨ ᠡᠷᠦᠬᠡ ᠳᠤ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠮᠡᠳᠡᠯᠭᠡ᠂ ᠵᠣᠨ ᠤ ᠡᠳᠦᠷ ᠭᠠᠳᠠᠭᠰᠢ ᠭᠠᠷᠬᠤ ᠳᠤ ᠠᠩᠬᠠᠷᠬᠤ ᠵᠦᠢᠯᠡᠰ ᠵᠢᠴᠢ ᠪᠦᠲᠦᠮᠵᠢᠲᠡᠶ ᠰᠡᠷᠭᠡᠶᠢᠯᠡᠬᠦ ᠠᠷᠭ᠎ᠠ ᠶᠢ ᠤᠬᠠᠭᠤᠯᠣᠨ᠂ ᠰᠠᠭᠤᠭᠠᠯᠢ ᠠᠷᠠᠳ ᠲᠤ ᠥᠨᠳᠥᠷ ᠳᠤᠯᠠᠭᠠᠨ ᠡᠳᠣᠷ ᠪᠡ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠡᠷᠬᠡᠪᠰᠢ ᠤᠰᠤ ᠢᠯᠡᠭᠦᠦ ᠤᠤᠭᠤᠵᠤ ᠵᠢᠮᠢᠰ ᠢᠯᠡᠭᠦᠦ ᠢᠳᠡᠵᠦ ᠴᠠᠭ ᠲᠤᠬᠠᠶ ᠳᠤᠨᠢ ᠰᠢᠨ᠎ᠠ ᠲᠡᠵᠢᠭᠡᠯ ᠨᠥᠬᠦᠪᠥᠷᠢᠯᠡᠬᠦ ᠬᠡᠷᠡᠭᠲᠡᠶ︔ ᠭᠡᠷ ᠲᠠᠬᠢ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ ᠬᠡᠲᠦ ᠳᠣᠤᠷ᠎ᠠ ᠪᠠᠶᠢᠯᠭᠠᠵᠣ ᠪᠣᠯᠬᠤ ᠦᠭᠡᠢ᠂ ᠦᠷᠭᠦᠯᠵᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠶ︔ ᠤᠷᠲᠤ ᠬᠤᠭᠤᠴᠠᠭ᠎ᠠ ᠪᠠᠷ ᠨᠡᠷᠡᠨ ᠤ ᠲᠣᠣᠷ᠎ᠡ ᠶᠠᠪᠣᠵᠣ ᠰᠠᠭᠤᠬᠤ ᠠᠴᠠ ᠰᠠᠷᠭᠡᠶᠢᠯᠡᠨ᠂ ᠬᠠᠯᠠᠭᠤᠨ ᠢ ᠰᠡᠷᠭᠡᠶᠢᠯᠡᠬᠦ ᠡᠮ ᠤᠨ ᠵᠦᠢᠯᠡᠰ ᠢ ᠠᠪᠴᠤ ᠪᠠᠴᠢᠮ ᠪᠠᠶᠢᠳᠠᠯ ᠢ ᠠᠷᠭᠠᠴᠠᠭᠠᠨ᠂ ᠬᠡᠷᠪᠡ ᠲᠣᠯᠤᠭᠠᠢ ᠡᠷᠭᠢᠬᠦ᠂ ᠳᠤᠷ᠎ᠠ ᠪᠤᠯᠭᠢᠬᠤ ᠵᠡᠷᠭᠡ ᠡᠪᠡᠳᠴᠢᠨ ᠤ ᠢᠯᠡᠷᠡᠯ ᠭᠠᠷᠪᠠᠯ ᠳᠠᠷᠦ᠋ᠢᠬᠠᠨ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠬᠦ ᠬᠡᠷᠡᠭᠲᠡᠶ ᠭᠡᠵᠡᠢ᠃       ᠨᠡᠶᠢᠭᠡᠮ ᠲᠣᠭᠤᠷᠢᠭ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠴᠢᠳᠠᠪᠤᠷᠢ ᠵᠢᠴᠢ ᠵᠣᠨ ᠤ ᠤᠯᠠᠷᠢᠯ ᠤᠨ ᠡᠷᠡᠭᠦᠯ ᠮᠡᠨᠳᠦ ᠠᠮᠤᠷ ᠲᠦᠪᠰᠢᠨ ᠠᠮᠢᠳᠤᠷᠠᠯ ᠤᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ᠂ ᠠᠮᠤᠷ ᠲᠦᠪᠰᠢᠨ ᠢᠶᠠᠷ ᠵᠣᠨ ᠤ ᠤᠯᠠᠷᠢᠯ ᠢ ᠥᠩᠭᠡᠷᠡᠭᠦᠯᠬᠦ ᠶᠢ ᠦᠨᠡᠨ ᠬᠦ ᠪᠠᠲᠤᠯᠠᠬᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠪᠠᠷ ᠭᠠᠷᠳᠡᠴᠠ ᠪᠣᠯᠭᠠᠵᠤ᠂ ᠠᠷᠠᠳ ᠤᠨ ᠠᠮᠢᠳᠤᠷᠠᠯ ᠤᠨ ᠠᠵᠢᠯ ᠢ ᠨᠠᠷᠢᠯᠢᠬᠵᠢᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠤ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号