ᠷᠠᠰᠢᠶᠠᠨ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 25 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠠᠯᠠᠨ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠬᠤᠷᠡᠯ ᠲᠡᠭᠡᠷ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡᠨ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠵᠤ᠂ ᠠᠯᠤᠰ ᠬᠡᠲᠦ ᠳᠤ ᠬᠤᠯᠪᠣᠭᠳᠠᠬᠰᠠᠨ᠂ ᠦᠨᠳᠦᠰᠦᠨ ᠵᠦᠢᠯ ᠲᠤ ᠬᠤᠯᠪᠣᠭᠳᠠᠬᠰᠠᠨ᠂ ᠪᠦᠬᠦ ᠲᠠᠯ᠎ᠠ ᠳᠤ ᠬᠤᠯᠪᠣᠭᠳᠠᠬᠰᠠᠨ ᠠᠯᠢ ᠤᠯᠠᠨ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠣᠯᠡᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ ᠴᠢᠬᠤᠯᠠ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ ᠪᠣᠯᠬᠤ ᠶᠢ ᠪᠠᠲᠤ ᠡᠵᠡᠮᠳᠡᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠠᠳᠠᠭᠠᠰᠣᠨ ᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠴᠢᠩᠭᠠᠳᠬᠠᠬᠤ ᠬᠡᠷᠡᠭᠲᠡᠢ ᠭᠡᠪᠡ᠃    ᠬᠤᠷᠠᠯ ᠠᠴᠠ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠪᠦᠬᠦᠯᠢ ᠴᠣᠭᠴᠠ ᠪᠠᠷ ᠨᠢ ᠡᠵᠡᠮᠳᠡᠵᠦ᠂ ᠰᠢᠰᠲ᠋ᠧᠮ ᠲᠠᠢ ᠣᠶᠢᠯᠠᠭᠠᠨ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠵᠡᠷᠭᠡ ᠭᠤᠣᠯ ᠠᠵᠢᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠡᠵᠡᠮᠳᠡᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂  ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ᠂ ᠵᠢᠭᠤᠯᠴᠢᠯᠠᠯ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠦᠢᠴᠡᠳᠭᠡᠵᠣ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠡᠷᠡᠭᠳᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠨ᠂ ᠴᠢᠳᠠᠪᠤᠷᠢ ᠪᠡ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ ᠢ ᠦᠷᠭᠦᠯᠵᠢᠯᠡᠨ ᠵᠠᠯᠠᠷᠠᠭᠤᠯᠤᠨ ᠴᠡᠭᠴᠠᠯᠠᠵᠣ  ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号