ᠷᠠᠰᠢᠶᠠᠨ ᠨᠢᠰᠬᠡᠯ ᠤᠨ ᠪᠠᠭᠤᠳᠠᠯ ᠠᠮᠤᠷ ᠲᠦᠪᠰᠢᠨ ᠢᠶᠠᠷ ᠠᠵᠢᠯᠯᠠᠬᠤ ᠶᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/7/26
   ᠷᠠᠰᠢᠶᠠᠨ ᠤ ᠭᠠᠵᠠᠷ ᠣᠷᠣᠨ ᠤ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠷᠠᠰᠢᠶᠠᠨ ᠨᠢᠰᠬᠡᠯ ᠤᠨ ᠪᠠᠭᠤᠳᠠᠯ ᠤᠨ ᠨᠢᠰᠭᠡᠯ ᠤᠨ ᠨᠢᠰᠴᠣ ᠪᠠᠭᠤᠬᠤ ᠤᠳᠠᠭ᠎ᠠ ᠲᠠᠰᠤᠷᠠᠯᠲᠠ ᠥᠬᠡᠶ ᠳᠡᠭᠡᠭᠰᠢᠯᠡᠵᠦ᠂ ᠠᠭᠠᠷ ᠤᠨ ᠨᠢᠰᠦᠭᠦᠷ ᠤᠨ ᠠᠮᠤᠷ ᠲᠦᠪᠰᠢᠨ ᠲᠣᠭᠲᠠᠭᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠷᠠᠰᠢᠶᠠᠨ ᠨᠢᠰᠬᠡᠯ ᠤᠨ ᠪᠠᠭᠤᠳᠠᠯ ᠵᠠᠮ ᠤᠨ ᠭᠠᠳᠡᠷᠭᠤ ᠶᠢᠨ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠷᠠᠰᠢᠶᠠᠨ ᠨᠢᠰᠬᠡᠯ ᠤᠨ ᠪᠠᠭᠤᠳᠠᠯ ᠤᠨ ᠲᠠᠯᠠᠪᠠᠢ ᠶᠢᠨ ᠶᠠᠪᠣᠳᠡᠯ ᠤᠨ ᠠᠩᠭᠢ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠡᠭᠡᠯᠵᠢ ᠶᠢᠨ ᠨᠢᠰᠬᠡᠯ ᠤᠨ ᠵᠠᠪᠰᠠᠷ ᠢ ᠠᠰᠢᠭᠯᠠᠨ᠂ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ᠂ ᠭᠤᠯᠭᠤᠭᠤᠷ ᠵᠠᠮ ᠪᠠ ᠨᠢᠰᠬᠡᠯ ᠵᠣᠭᠰᠣᠬᠤ ᠭᠠᠵᠠᠷ ᠤᠨ ᠳᠠᠷᠠᠭᠠᠯᠠᠯ ᠢᠶᠠᠷ ᠵᠠᠮ ᠤᠨ ᠭᠠᠳᠡᠷᠭᠤ  ᠶᠢᠨ ᠲᠠᠮᠳᠡᠭ ᠤᠨ ᠲᠣᠲᠤᠷᠬᠠᠶᠢᠯᠠᠯᠲᠠ ᠶᠢᠨ ᠬᠡᠮᠵᠢᠶ᠎ᠡ᠂ ᠲᠡᠭᠰᠢᠭᠡᠨ ᠤ ᠭᠡᠮᠵᠢᠶ᠎ᠠ᠂ ᠵᠠᠮ ᠤᠨ ᠭᠠᠳᠡᠷᠭᠤ ᠪᠣᠯᠤᠨ ᠰᠢᠷᠣᠶ ᠶᠢᠨ ᠭᠠᠳᠠᠷᠭᠤ ᠶᠢᠨ ᠥᠨᠳᠥᠷ ᠤᠨ ᠵᠥᠷᠢᠶ᠎ᠡ ᠶᠢᠨ ᠬᠡᠮᠵᠢᠶ᠎ᠠ ᠵᠡᠷᠭᠡ ᠠᠭᠤᠯᠭ᠎ᠠ ᠶᠢ ᠪᠠᠶᠢᠴᠠᠭᠠᠵᠤ᠂ ᠵᠠᠮ ᠤᠨ ᠭᠠᠳᠠᠷᠭᠤ ᠳᠤ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠡᠢ᠃     ᠪᠠᠶᠢᠴᠠᠭᠠᠵᠣ ᠣᠯᠵᠤ ᠮᠡᠳᠡᠭᠰᠡᠨ ᠠᠰᠠᠭᠤᠳᠠᠯ ᠳᠤ ᠴᠢᠭᠯᠡᠬᠦᠯᠣᠨ᠂ ᠠᠵᠢᠯᠲᠠᠨ ᠬᠠᠨᠳᠤᠯᠭᠠᠲᠤ ᠴᠢᠨᠠᠷᠲᠠᠢ ᠪᠠᠷ ᠵᠠᠰᠠᠨ ᠰᠠᠶᠢᠵᠢᠷᠠᠭᠤᠯᠬᠤ ᠪᠠ ᠬᠠᠯᠠᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠬᠠᠮᠤᠭ ᠤᠨ ᠣᠬᠤᠷ ᠬᠤᠭᠤᠴᠠᠭᠠᠨ ᠳᠣᠲᠤᠷ᠎ᠠ ᠠᠰᠠᠭᠤᠳᠠᠯ ᠢ ᠰᠶᠢᠳᠪᠦᠷᠢᠯᠡᠵᠦ᠂ ᠵᠠᠮ ᠤᠨ ᠭᠠᠳᠡᠷᠭᠤ ᠶᠢᠨ ᠪᠠᠶᠢᠳᠠᠯ ᠢ ᠰᠡᠷᠭᠦᠭᠡᠨ ᠰᠢᠨᠡᠳᠭᠡᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠪᠠᠷ ᠲᠠᠮᠵᠢᠨ᠂ ᠵᠠᠮ ᠤᠨ ᠭᠠᠳᠡᠷᠭᠤ ᠶᠢᠨ ᠳᠠᠯᠳᠠ ᠬᠡᠮ ᠢ ᠠᠷᠢᠯᠭᠠᠬᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠷᠠᠰᠢᠶᠠᠨ ᠨᠢᠰᠬᠡᠯ ᠤᠨ ᠪᠠᠭᠤᠳᠠᠯ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ᠵᠠᠮ ᠤᠨ ᠭᠠᠳᠡᠷᠭᠤ ᠶᠢᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠥᠭᠵᠢᠶᠡᠨᠲᠡᠶ ᠤᠯᠠᠷᠢᠯ ᠤᠨ ᠠᠭᠠᠷ ᠤᠨ ᠲᠡᠭᠡᠭᠡᠪᠦᠷᠢ ᠳᠤ ᠪᠠᠲᠤ ᠴᠢᠩᠭ᠎ᠠ ᠨᠠᠶᠢᠳᠠᠪᠤᠷᠢᠲᠠᠶ ᠪᠠᠲᠤᠯᠠᠭ᠎ᠠ ᠬᠠᠩᠭᠠᠨ᠎ᠠ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号