ᠡᠤ ᠴᠠ ᠭᠸᠦ ᠪᠠᠯᠭᠠᠰᠦ ᠬᠦᠢᠲᠡᠨ ᠤᠰᠤᠨ ᠤ ᠵᠢᠭᠠᠰᠦ ᠶᠢ ᠠᠷᠠᠳ ᠢᠶᠠᠨ ᠪᠠᠶᠠᠵᠢᠭᠤᠯᠬᠤ ᠠᠵᠦ ᠦᠢᠯᠡᠰ ᠪᠤᠯᠭᠠᠯ᠎ᠠ
ᠨᠡᠶᠢᠲᠡᠯᠡᠭᠰᠡᠨ ᠴᠠᠭ᠄
2024/7/3
     ᠣᠶᠢᠷ᠎ᠠ ᠶᠢᠨ ᠡᠳᠦᠷ ᠤᠳ ᠲᠤ᠂ ᠠᠭᠠᠷ ᠤᠨ ᠳᠤᠯᠠᠭᠠᠨ ᠠᠭᠠᠵᠢᠮ ᠢᠶᠠᠷ ᠲᠡᠭᠡᠭᠰᠢᠯᠡᠬᠦ ᠶᠢ ᠲᠠᠭᠠᠯᠳᠤᠨ᠂ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠡᠤ ᠴᠠ ᠭᠸᠦ ᠪᠠᠯᠭᠠᠰᠤᠨ ᠤ ᠲᠢᠶᠠᠨ ᠶᠤᠸᠠᠨ ᠬᠦᠢᠳᠡᠨ ᠤᠰᠤᠨ ᠤ ᠵᠢᠭᠠᠰᠦ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠤᠨ ᠵᠢᠪᠡᠭᠡ᠂ ᠲᠤᠯᠤ ᠵᠡᠷᠭᠡ ᠵᠢᠭᠠᠰᠦ ᠨᠢ ᠤᠯᠠᠮ ᠢᠶᠠᠷ ᠠᠮᠢᠵᠢᠷᠠᠯ ᠤᠨ ᠬᠦᠴᠦᠨ ᠲᠠᠢ ᠪᠤᠯᠵᠦ᠂ ᠲᠡᠵᠢᠭᠡᠨ ᠦᠷᠡᠵᠢᠬᠦᠯᠬᠦ ᠡᠷᠦᠭᠡ ᠰᠢᠦ ᠯᠢᠶᠠᠨ ᠪᠠ ᠡᠷ᠎ᠡ ᠨᠦᠬᠦᠷ ᠲᠠᠢ ᠬᠤᠶᠠᠭᠤᠯᠠ ᠪᠠᠨ ᠤᠯᠠᠮ ᠢᠶᠠᠷ ᠶᠠᠭᠠᠷᠠᠯᠳᠠᠢ ᠪᠤᠯᠵᠦ ᠢᠷᠡᠵᠡᠢ᠃      ︽ᠮᠠᠨ ᠤ ᠰᠠᠭᠤᠷᠢᠨ ᠭᠠᠵᠠᠷ ᠤᠨ ᠵᠢᠭᠠᠰᠤ ᠶᠢ ᠲᠤᠭᠤᠷ ᠤᠨ ᠭᠤᠤᠯ ᠤᠨ ᠡᠬᠢ ᠡᠬᠦᠰᠦᠯ ᠤᠨ ᠤᠰᠤ ᠪᠠᠷ ᠲᠡᠵᠢᠭᠡᠨ ᠦᠷᠡᠵᠢᠬᠦᠯᠵᠦ ᠪᠠᠶᠢᠨ᠎ᠠ᠂ ᠤᠰᠤᠨ ᠤ ᠳᠤᠯᠠᠭᠠᠨ ᠣᠷᠳᠣ ᠬᠤᠭᠤᠴᠠᠭ᠎ᠠ ᠪᠠᠷ 4 ᠭᠷᠡᠳᠦ᠋ᠰ ᠣᠷᠴᠢᠮ ᠪᠠᠶᠢᠵᠤ᠂ ᠥᠪᠡᠷᠮᠢᠴᠡ ᠣᠨᠴᠠᠯᠢᠭ ᠲᠠᠢ ᠬᠦᠢᠲᠡᠨ ᠤᠰᠤᠨ ᠤ ᠡᠬᠢ ᠪᠠᠶᠠᠯᠢᠭ ᠨᠢ ᠬᠦᠢᠲᠡᠨ ᠤᠰᠤᠨ ᠤ ᠵᠢᠭᠠᠰᠦ ᠲᠡᠵᠢᠭᠡᠨ ᠦᠷᠡᠵᠢᠬᠦᠯᠬᠦ ᠳᠤ ᠮᠠᠰᠢ ᠲᠤᠬᠢᠷᠠᠨ᠎ᠠ᠃ ᠪᠢᠳᠡ ︿ᠤᠨᠴᠠᠯᠢᠬᠳᠤ ᠲᠡᠵᠢᠭᠡᠨ ᠦᠷᠡᠵᠢᠭᠦᠯᠬᠦ᠂ ᠵᠢᠭᠤᠯᠴᠢᠯᠠᠨ ᠲᠣᠭᠤᠷᠢᠬᠤ᠂ ᠤᠨᠴᠠᠯᠢᠬᠳᠤ ᠢᠳᠡᠭᠡᠨ ᠤᠮᠳᠠᠭᠠᠨ᠂ ᠤᠨᠴᠠᠯᠢᠬᠳᠦ ᠬᠤᠨᠤᠵᠦ ᠬᠡᠪᠳᠡᠬᠦ﹀ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠬᠦᠯᠬᠦ ᠰᠠᠭᠤᠷᠢᠨ ᠢ ᠪᠠᠶᠢᠭᠤᠯᠵᠦ᠂ ᠡᠷᠬᠢᠨ ᠲᠤᠭᠤᠷᠢᠨ ᠤ ᠤᠯᠠᠨ ᠲᠦᠮᠡᠨ ᠢ ᠲᠠᠶᠢᠴᠢᠯᠠᠨ ᠤᠷᠤᠯᠭ᠎ᠠ ᠶᠢ ᠨᠡᠮᠡᠭᠳᠡᠬᠦᠯᠬᠦ ᠶᠢᠨ ᠬᠠᠮᠳᠦ ᠰᠠᠭᠤᠷᠢᠨ ᠭᠠᠵᠠᠷ ᠴᠤ ᠤᠯᠠᠮ ᠢᠶᠠᠷ ᠬᠦᠭᠵᠢᠵᠡᠢ︾ ᠭᠡᠵᠦ ᠰᠢᠦ ᠯᠢᠶᠠᠨ ᠲᠠᠨᠢᠯᠴᠠᠭᠤᠯᠤᠨ ᠬᠡᠯᠡᠨ᠎ᠠ᠃      ᠡᠨᠡ ᠵᠢᠯ᠂ ᠲᠢᠶᠠᠨ ᠶᠤᠸᠠᠨ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠲᠥᠷᠥᠯ ᠵᠦᠢᠯ ᠢ ᠠᠮᠵᠢᠯᠳᠠᠳᠠᠢ ᠪᠠᠷ ᠭᠤᠶᠤᠴᠢᠯᠠᠨ ᠮᠡᠳᠡᠬᠦᠯᠵᠦ ᠂ ᠬᠦᠢᠲᠡᠨ ᠤᠰᠤᠨ ᠤ ᠵᠢᠭᠠᠰᠤᠨ ᠤ ᠠᠵᠦ ᠦᠢᠯᠡᠰ ᠤᠨ ᠬᠡᠯᠬᠢᠶ᠎ᠡ ᠪᠠᠨ ᠤᠯᠠᠮ ᠤᠷᠲᠤᠳᠬᠠᠵᠤ᠂ ᠣᠲᠣ ᠶᠢᠨ ᠬᠤᠨᠤᠭᠯᠠᠬᠤ᠂ ᠲᠤᠭᠤᠷᠢᠨ ᠦᠵᠡᠬᠦ᠂ ᠵᠢᠭᠠᠰᠤ ᠭᠥᠬᠢᠳᠡᠬᠦ᠂ ᠤᠨᠴᠠᠯᠢᠬᠳᠦ ᠢᠳᠡᠭᠡᠨ ᠤᠮᠳᠠᠭᠠᠨ ᠪᠠ ᠲᠡᠵᠢᠭᠡᠨ ᠦᠷᠡᠵᠢᠭᠦᠯᠬᠦ ᠵᠡᠷᠭᠡ ᠴᠢᠳᠠᠮᠵᠢ ᠶᠢᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠵᠢᠷᠠᠭᠠᠬᠠᠢ ᠦᠷᠡᠵᠢᠬᠦᠯᠬᠦ ᠠᠵᠦ ᠦᠢᠯᠡᠰ ᠤᠨ ᠬᠡᠯᠬᠢᠶ᠎ᠡ ᠶᠢ ᠲᠡᠬᠦᠯᠳᠡᠷᠵᠢᠬᠦᠯᠦᠭᠰᠡᠨ ᠪᠠᠶᠢᠨ᠎ᠠ᠃      ︽ᠮᠠᠨ ᠤ ᠡ᠊ᠨᠳᠡ ᠬᠦᠬᠡᠮᠳᠦᠭ ᠨᠤᠭᠤᠭᠠᠨ ᠠᠭᠤᠯᠠ ᠤᠰᠤ ᠲᠠᠢ᠂ ᠦᠩᠭᠡ ᠦᠵᠡᠮᠵᠢ ᠪᠠᠷ ᠭᠤᠶᠤ ᠰᠠᠶᠢᠬᠠᠨ᠂ ᠮᠠᠰᠢ ᠣᠯᠠᠨ ᠬᠤᠲᠠ ᠶᠢᠨ ᠬᠥᠮᠦᠰ ᠴᠥᠮ ᠮᠠᠨ ᠤ ᠰᠢᠭ ᠡᠶᠢᠮᠦ ᠬᠢᠯᠢ ᠬᠢᠵᠠᠭᠠᠷ ᠤᠨ ᠵᠢᠵᠢᠭ ᠪᠠᠯᠭᠠᠰᠤᠨ ᠳᠤ ᠢᠷᠡᠵᠦ ᠰᠡᠯᠡᠬᠦᠨ ᠠᠮᠢᠳᠤᠷᠠᠯ ᠢ ᠪᠡᠶᠡᠴᠢᠯᠡᠨ ᠤᠶᠢᠯᠠᠭᠠᠬᠤ ᠲᠤᠷᠠᠳᠠᠢ᠃ ᠷᠠᠰᠢᠶᠠᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠭᠠᠯᠳᠤᠨ᠂ ᠰᠠᠭᠤᠷᠢᠨ ᠭᠠᠵᠠᠷ ᠲᠤ ᠵᠢᠭᠤᠯᠴᠢᠯᠠᠬᠤ ᠪᠠᠷ ᠢᠷᠡᠬᠦ ᠬᠥᠮᠦᠨ ᠤᠯᠠᠮ ᠢᠶᠠᠷ ᠣᠯᠠᠰᠢᠷᠠᠵᠤ᠂ ᠰᠠᠭᠤᠷᠢᠨ ᠭᠠᠵᠠᠷ ᠤᠨ ᠨᠡᠷ᠎ᠡ ᠠᠯᠳᠠᠷ ᠨᠢ ᠴᠦ ᠤᠯᠠᠮ ᠶᠡᠭᠡᠳᠡᠢ ᠪᠤᠯᠵᠦ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠪᠣᠯᠬᠤ ᠳᠤ ᠣᠨᠴᠠᠭᠠᠶ ᠬᠥᠷ ᠬᠥᠭᠵᠢᠶᠡᠨᠲᠠᠢ ᠪᠣᠯᠵᠤ ᠪᠠᠶᠢᠨ᠎ᠠ︾ ᠭᠡᠵᠦ ᠷᠠᠰᠢᠶᠠᠨ ᠬᠤᠲᠠ ᠶᠢᠨ ᠡᠤ ᠴᠠ ᠭᠧᠦ ᠪᠠᠯᠭᠠᠰᠤ ᠶᠢᠨ ᠰᠠᠭᠤᠭᠠᠯᠢ ᠠᠷᠠᠳ ᠴᠢᠦᠢ ᠶᠠᠨ ᠬᠤᠸᠠ ᠪᠠᠶᠠᠷᠯᠠᠨ ᠬᠡᠯᠡᠪᠡ᠃      ︽ᠠᠵᠤ ᠦᠢᠯᠡᠰ ᠤᠨ ᠬᠥᠭᠵᠢᠯᠲᠡ ᠤᠯᠠᠮ ᠠᠴᠠ ᠤᠯᠠᠮ ᠰᠠᠶᠢᠵᠢᠷᠠᠬᠤ ᠶᠢ ᠳᠠᠭᠠᠯᠳᠤᠨ᠂ ᠪᠢᠳᠡ ᠪᠠᠰᠠ ᠬᠦᠢᠲᠡᠨ ᠤᠰᠤᠨ ᠤ ᠵᠢᠭᠠᠰᠤᠨ ᠤ ᠲᠡᠵᠢᠭᠡᠨ ᠦᠷᠡᠵᠢᠭᠦᠯᠬᠦ ᠲᠦᠷᠦᠯ ᠪᠠ ᠬᠡᠪᠴᠢᠶ᠎ᠡ ᠶᠢ ᠥᠷᠭᠡᠳᠭᠡᠬᠦ ᠪᠠᠷ ᠲᠥᠯᠥᠪᠯᠡᠵᠦ᠂ ᠪᠥᠬᠦ ᠣᠷᠣᠨ ᠤ ᠬᠦᠢᠲᠡᠨ ᠤᠰᠤᠨ ᠤ ᠵᠢᠭᠠᠰᠤᠨ ᠤ ᠠᠵᠤ ᠦᠢᠯᠡᠰ ᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠴᠡᠭ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠰᠠᠭᠤᠷᠢᠨ ᠭᠠᠵᠠᠷ ᠢᠶᠠᠨ ︿ᠵᠢᠭᠠᠰᠤᠴᠢᠨ ᠤ ᠪᠠᠶᠠᠰᠤᠯ﹀ ᠪᠣᠯᠤᠨ ᠵᠢᠭᠤᠯᠴᠢᠯᠠᠨ ᠲᠣᠭᠤᠷᠢᠬᠤ ᠰᠠᠶᠢᠬᠠᠨ ᠭᠠᠵᠠᠷ ᠪᠤᠯᠭᠠᠬᠤ ᠪᠠᠷ ᠴᠢᠷᠮᠠᠶᠢᠵᠦ ᠪᠠᠶᠢᠨ᠎ᠠ︾ ᠭᠡᠵᠤ ᠰᠢᠦ ᠯᠢᠶᠠᠨ ᠢᠷᠡᠭᠡᠳᠦᠢ ᠶᠢᠨ ᠬᠥᠭᠵᠢᠯᠲᠡ ᠶᠢᠨ ᠳᠤᠬᠠᠢ ᠪᠠᠨ ᠶᠠᠷᠢᠵᠤ ᠪᠠᠶᠢᠯ᠎ᠠ᠃      ᠤᠯᠠᠨ ᠵᠢᠯ ᠤᠨ ᠲᠤᠷᠰᠢ᠂ ᠦ᠋ ᠴᠠ ᠭᠸᠤ ᠪᠠᠯᠭᠠᠰᠤ ᠶᠢᠨ ᠬᠢᠨ ᠦᠷᠭᠦᠯᠵᠢᠯᠡᠨ ᠬᠥᠳᠡᠭᠡ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠤ ᠲᠣᠭᠲᠠᠭᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢᠨ ᠲᠣᠭᠤᠷᠢᠨ ᠳᠤ ᠤᠯᠠᠨ ᠲᠠᠯ᠎ᠠ ᠪᠠᠷ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠭᠡᠵᠦ᠂ ᠠᠵᠤ ᠦᠢᠯᠡᠰ ᠤᠨ ︽ᠴᠢᠰᠤ ᠪᠦᠲᠦᠭᠡᠬᠦ︾ ᠴᠢᠳᠠᠪᠬᠢ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠦᠨᠡᠨᠬᠦ ᠬᠤᠳᠠ ᠳᠤ ᠬᠦᠷᠲᠡᠯ᠎ᠡ ᠤᠷᠲᠤᠳᠬᠠᠵᠤ᠂ ᠠᠷᠠᠳ ᠢ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠭᠰᠠᠨ ᠪᠠᠶᠢᠨ᠎ᠠ᠃      ︽ᠪᠢᠳᠡ ᠬᠦᠢᠲᠡᠨ ᠤᠰᠤᠨ ᠤ ᠵᠢᠭᠠᠰᠦ ᠳᠡᠵᠢᠭᠡᠬᠦ ᠪᠠᠷ ᠠᠷᠠᠳ ᠢᠶᠠᠨ ᠪᠠᠶᠠᠵᠢᠭᠤᠯᠬᠤ ᠠᠵᠦ ᠦᠢᠯᠡᠰ ᠪᠤᠯᠭᠠᠪᠠ᠃ ᠡᠨᠡ ᠪᠤᠯ ᠮᠠᠨ ᠤ ᠭᠠᠵᠠᠷ ᠤᠷᠤᠨ ᠳᠠᠭᠠᠨ ᠲᠤᠬᠢᠷᠠᠭᠰᠠᠨ ᠤᠨᠴᠠᠯᠢᠬᠳᠦ ᠠᠵᠦ ᠦᠢᠯᠡᠰ ᠪᠤᠯᠤᠨ᠎ᠠ᠂ ᠢᠷᠡᠭᠡᠳᠦᠢ ᠶᠢᠨ ᠬᠦᠭᠵᠢᠯᠳᠡ ᠳᠤ ᠪᠢᠳᠡ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠯᠳᠡ ᠶᠢᠨ ᠠᠵᠤ ᠦᠢᠯᠡᠰ ᠤᠨ ᠵᠠᠮ ᠢᠶᠠᠷ ᠦᠷᠬᠦᠯᠵᠢᠯᠡᠨ ᠰᠠᠶᠢᠳᠤᠷ ᠵᠠᠮᠨᠠᠵᠦ᠂ ᠵᠢᠭᠤᠯᠴᠢᠯᠠᠯ ᠢ ᠬᠦᠭᠵᠢᠶᠡᠨᠳᠡᠢ ᠪᠤᠯᠭᠠᠨ᠂ ᠠᠷᠠᠳ ᠤᠯᠠᠨ ᠢ ᠪᠠᠶᠠᠵᠢᠭᠤᠯᠤᠨ᠎ᠠ︾ ᠭᠡᠵᠦ ᠡᠤ ᠴᠠ ᠭᠸᠦ ᠪᠠᠯᠭᠠᠰᠤᠨ ᠤ ᠳᠡᠳ᠋ ᠳᠠᠷᠤᠭ᠎ᠠ ᠾᠧᠦ ᠮᠧᠩ ᠶᠣᠣ ᠬᠡᠯᠡᠵᠦ ᠪᠠᠶᠢᠯ᠎ᠠ᠃      ︵ᠭᠤᠤᠯᠴᠢ ᠢᠤᠢ ᠱᠤᠸᠠᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号