ᠮᠠᠨ ᠤ ᠤᠯᠤᠰ ᠤᠨ ᠵᠡᠷᠡᠮᠳᠡᠭ ᠳᠦᠷᠦᠬᠦ ᠶᠢ ᠰᠡᠷᠭᠡᠶᠢᠯᠡᠨ ᠵᠠᠰᠠᠬᠤ ᠲᠤᠤᠷ ᠲᠠᠰᠤᠷᠠᠯᠲᠠ ᠥᠬᠡᠶ ᠲᠡᠭᠦᠯᠳᠡᠷᠵᠢᠵᠠᠢ
ᠨᠡᠶᠢᠲᠡᠯᠡᠭᠰᠡᠨ ᠴᠠᠭ᠄
2024/7/31
    ᠬᠤᠪᠣᠷ ᠲᠣᠬᠢᠶᠠᠯᠳᠤᠬᠤ ᠡᠪᠡᠳᠴᠢᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠠᠴᠠ ᠣᠶᠢᠯᠠᠭᠠᠭᠰᠠᠨ ᠢᠶᠠᠷ᠂ ᠣᠲᠣᠬᠠᠨ ᠪᠣᠯᠲᠠᠯ᠎ᠠ᠂ ᠮᠠᠨ ᠤ ᠤᠯᠤᠰ ᠤᠨ ᠵᠡᠷᠡᠮᠳᠡᠭ ᠳᠦᠷᠦᠬᠦ ᠶᠢ ᠰᠡᠷᠭᠡᠶᠢᠯᠡᠨ ᠵᠠᠰᠠᠬᠤ ᠲᠤᠤᠷ ᠲᠠᠰᠤᠷᠠᠯᠲᠠ ᠥᠬᠡᠶ ᠪᠦᠷᠢᠨᠰᠢᠵᠦ᠂ ᠪᠥᠬᠦ ᠤᠯᠤᠰ ᠤᠨ ᠤᠷᠤᠭᠯᠠᠬᠤ ᠠᠴᠠ ᠡᠮᠦᠨᠡᠬᠢ ᠪᠠᠶᠢᠴᠠᠭᠠᠬᠤ ᠪᠠᠶᠢᠭᠤᠯᠤᠮᠵᠢ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠬᠤ ᠪᠠᠶᠢᠭᠤᠯᠤᠮᠵᠢ 3000 ᠶᠢ ᠳᠠᠪᠠᠵᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠᠶᠢᠭᠤᠯᠤᠮᠵᠢ 4000 ᠶᠢ ᠳᠠᠪᠠᠵᠤ᠂ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠬᠢᠬᠦ ᠪᠠᠶᠢᠭᠤᠯᠤᠮᠵᠢ 500 ᠶᠢ ᠳᠠᠪᠠᠵᠤ᠂ ᠨᠢᠯᠬ᠎ᠠ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠲᠥᠪ 259 ᠪᠠᠶᠢᠵᠤ᠂ ᠪᠣᠶ ᠪᠥᠬᠦᠶ ᠲᠣᠭᠤᠷᠢᠭ ᠰᠢᠶᠠᠨ ᠳᠤ ᠴᠥᠮ ᠨᠢᠯᠬ᠎ᠠ ᠬᠡᠦᠬᠡᠳ ᠤᠨ ᠤᠳᠤᠮᠯᠠᠯ ᠤᠨ ᠰᠣᠯᠢᠯᠴᠠᠭᠠᠨ ᠤ ᠡᠪᠡᠳᠴᠢᠨ ᠢ ᠰᠢᠭᠰᠢᠨ ᠪᠠᠶᠢᠴᠠᠭᠠᠵᠤ ᠴᠢᠰᠤ ᠠᠪᠬᠤ ᠪᠠᠶᠢᠭᠤᠯᠤᠮᠵᠢ ᠭᠠᠷᠭᠠᠭᠰᠠᠨ ᠪᠠᠶᠢᠨ᠎ᠠ᠃     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠵᠤᠷᠭᠠᠨ ᠤ ᠳᠡᠳ᠋ ᠳᠠᠷᠤᠭ᠎ᠠ ᠱᠧᠨ ᠬᠠᠶ ᠫᠢᠩ ᠬᠤᠷᠠᠯ ᠳᠡᠭᠡᠷ᠎ᠡ᠂ ︽ᠬᠤᠪᠣᠷ ᠲᠣᠬᠢᠶᠠᠯᠳᠤᠬᠤ ᠡᠪᠡᠳᠴᠢᠨ ᠤ ᠣᠯᠠᠩᠬᠢ ᠨᠢ ᠲᠥᠷᠥᠯᠬᠢ ᠤᠳᠤᠮᠰᠢᠯ ᠤᠨ ᠡᠯᠧᠮᠧᠨ᠋ᠲ ᠠᠴᠠ ᠪᠣᠯᠵᠣ ᠡᠭᠦᠰᠳᠡᠭ ᠪᠥᠭᠡᠳ ᠵᠡᠷᠡᠮᠳᠡᠭ ᠲᠦᠷᠦᠭᠦ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃ ᠣᠳᠣᠬᠠᠨ ᠳᠤ ᠨᠢᠭᠡᠨᠲᠡ ᠮᠡᠳᠡᠭᠰᠡᠨ ᠵᠡᠷᠡᠮᠳᠡᠭ ᠲᠦᠷᠦᠯᠳᠠ ᠨᠢ 8000 ᠭᠠᠷᠤᠶ ᠵᠦᠢᠯ ᠪᠠᠶᠢᠵᠤ᠂ ᠡᠭᠦᠨ ᠤ ᠳᠣᠲᠣᠷᠠᠬᠢ ᠨᠡᠯᠢᠶᠡᠳ ᠬᠡᠰᠡᠭ ᠨᠢ ᠬᠤᠪᠣᠷ ᠲᠣᠬᠢᠶᠠᠯᠳᠤᠬᠤ ᠡᠪᠡᠳᠴᠢᠨ ᠪᠣᠯᠤᠨ᠎ᠠ ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠨᠢ ᠬᠤᠪᠣᠷ ᠲᠣᠬᠢᠶᠠᠯᠳᠤᠬᠤ ᠡᠪᠡᠳᠴᠢᠨ ᠢ ᠣᠨᠣᠰᠢᠯᠠᠨ ᠵᠠᠰᠠᠬᠤ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠤ ᠢᠯᠡᠳᠭᠡᠪᠡ᠃     ᠤᠢᠢᠷ᠎ᠠ ᠶᠢᠨ ᠵᠢᠯ ᠳᠤ᠂ ᠮᠠᠨ ᠤ ᠤᠯᠤᠰ ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠠᠵᠢᠯ ᠢ ︽︿ᠡᠷᠡᠭᠦᠯ ᠡᠩᠭᠡ ᠳᠤᠮᠳᠠᠳᠤ ᠤᠯᠤᠰ 2030﹀ ᠲᠥᠯᠥᠪᠵᠢᠭᠦᠯᠭᠡ ᠶᠢᠨ ᠬᠥᠲᠥᠯᠪᠦᠷᠢ︾ ᠳᠤ ᠣᠷᠣᠭᠤᠯᠵᠤ᠂ ︽ᠪᠦᠬᠦ ᠤᠯᠤᠰ ᠤᠨ ᠵᠡᠷᠡᠮᠳᠡᠭ ᠲᠦᠷᠦᠬᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠥᠰᠦᠯ︾᠂ ︽ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ︵2023 — 2027 ᠣᠨ︶︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠤᠯᠠᠨ ᠲᠦᠮᠡᠨ ᠳᠤ ᠵᠡᠷᠡᠮᠳᠡᠭ ᠲᠦᠷᠦᠬᠦ ᠶᠢ ᠰᠡᠷᠭᠡᠶᠢᠯᠡᠨ ᠵᠠᠰᠠᠬᠤ ᠲᠥᠪ ᠭᠤᠣᠯᠴᠢ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠠᠢ᠃     ᠡᠭᠦᠨ ᠤ ᠵᠡᠷᠭᠡ ᠪᠠᠷ᠂ ᠭᠤᠷᠪᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠢᠳᠡᠪᠬᠢᠲᠡᠶ ᠠᠬᠢᠭᠤᠯᠵᠤ᠂ ᠨᠢᠭᠡᠳᠦᠭᠡᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠡᠵᠡᠮᠳᠡᠵᠦ᠂ ᠣᠳᠣᠬᠠᠨ ᠳᠤ ᠪᠥᠬᠦ ᠤᠯᠤᠰ ᠤᠨ 24 ᠮᠤᠵᠢ ᠣᠷᠣᠨ ᠳᠤ ᠰᠦᠢᠳᠭᠡᠯ ᠬᠤᠷᠢᠶᠠᠬᠤ ᠥᠬᠡᠶ ᠪᠠᠷ ᠣᠷᠤᠭ ᠤᠨ ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠪᠥᠬᠦ ᠤᠯᠤᠰ ᠤᠨ ᠣᠷᠤᠭ ᠤᠨ ᠪᠠᠶᠢᠴᠠᠭᠠᠯᠲᠠ ᠶᠢᠨ ᠨᠣᠷᠮ᠎ᠠ ᠶᠢ 76.5% ᠪᠣᠯᠲᠠᠯ᠎ᠠ ᠳᠡᠭᠡᠭᠰᠢᠯᠡᠭᠦᠯᠵᠦ᠂ 23 ᠮᠤᠵᠢ ᠣᠷᠣᠨ ᠳᠤ ᠰᠦᠢᠳᠭᠡᠯ ᠬᠤᠷᠢᠶᠠᠬᠤ ᠥᠬᠡᠶ ᠪᠠᠷ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ᠪᠥᠬᠦ ᠤᠯᠤᠰ ᠤᠨ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠶᠢᠨ ᠨᠣᠷᠮ᠎ᠠ ᠶᠢ 96.9% ᠳᠤ ᠬᠦᠷᠭᠡᠪᠡ︔ ᠬᠤᠶᠠᠳᠤᠭᠠᠷ ᠳᠡᠰ ᠤᠨ ᠤᠷᠢᠳᠴᠢᠯᠠᠨ ᠰᠡᠷᠭᠡᠶᠢᠯᠡᠯᠲᠡ ᠳᠤ ᠵᠢᠷᠮᠦᠰᠦᠨ ᠬᠤᠭᠤᠴᠠᠭᠠᠨ ᠤ ᠤᠷᠢᠳᠴᠢᠯᠠᠨ ᠰᠡᠷᠭᠡᠶᠢᠯᠡᠬᠦ ᠱᠤᠭᠤᠮ ᠢ ᠰᠠᠶᠢᠲᠤᠷ ᠠᠳᠬᠤᠵᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ᠂ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠪᠠ ᠬᠠᠮᠢᠶᠡᠷᠤᠯᠳᠠ ᠶᠢ ᠴᠢᠩᠭᠠᠳᠬᠠᠵᠤ᠂ ᠪᠦᠬᠦ ᠤᠯᠤᠰ ᠤᠨ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠶᠢᠨ ᠨᠤᠷᠮ᠎ᠠ ᠶᠢ 91.3% ᠪᠣᠯᠲᠠᠯ᠎ᠠ ᠳᠡᠭᠡᠭᠰᠢᠯᠡᠭᠦᠯᠦᠨ᠎ᠡ︔ ᠭᠤᠷᠪᠠᠳᠤᠭᠠᠷ ᠳᠡᠰ ᠨᠢ ᠨᠢᠯᠬ᠎ᠠ ᠬᠡᠦᠬᠡᠳ ᠤᠨ ᠬᠤᠭᠤᠴᠠᠭᠠᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠠᠳᠬᠤᠵᠤ᠂ ᠪᠦᠬᠦ ᠤᠯᠤᠰ ᠤᠨ ᠨᠢᠯᠬ᠎ᠠ ᠬᠡᠦᠬᠡᠳ ᠤᠨ ᠤᠳᠤᠮᠯᠠᠯ ᠤᠨ ᠰᠣᠯᠢᠯᠴᠠᠭ᠎ᠠ ᠶᠢᠨ ᠡᠪᠡᠳᠴᠢᠨ ᠪᠠ ᠰᠣᠨᠣᠷ ᠤᠨ ᠰᠠᠭᠠᠳ ᠤᠨ ᠰᠢᠭᠰᠢᠨ ᠪᠠᠶᠢᠴᠠᠭᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠭᠡᠨ᠎ᠠ᠃     ᠱᠧᠨ ᠬᠠᠢ ᠫᠢᠩ᠂ ᠢᠷᠡᠭᠡᠳᠦᠢ ᠳᠤ ᠵᠡᠷᠡᠮᠳᠡᠭ ᠳᠦᠷᠦᠬᠦ ᠶᠢ ᠰᠡᠷᠭᠡᠶᠢᠯᠡᠨ ᠵᠠᠰᠠᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠪᠣᠷ ᠲᠣᠬᠢᠶᠠᠯᠳᠤᠬᠤ ᠡᠪᠡᠳᠴᠢᠨ ᠢ ᠣᠨᠣᠰᠢᠯᠠᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠥᠷᠭᠡᠨ ᠤᠯᠠᠨ ᠲᠦᠮᠡᠨ ᠤ ᠡᠷᠡᠭᠦᠯ ᠬᠡᠦᠬᠡᠳ ᠲᠦᠷᠦᠭᠦ ᠰᠠᠶᠢᠨ ᠰᠠᠶᠢᠬᠠᠨ ᠬᠦᠰᠡᠯ ᠡᠷᠡᠮᠡᠯᠵᠡᠯ ᠢ ᠨᠡᠩ ᠰᠠᠶᠢᠨ ᠪᠠᠲᠤᠯᠠᠵᠤ᠂ ᠬᠤᠪᠣᠷ ᠲᠣᠬᠢᠶᠠᠯᠳᠤᠬᠤ ᠡᠪᠡᠳᠴᠢᠲᠡᠨ ᠤ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ ᠭᠡᠵᠦ ᠬᠡᠯᠡᠪᠡ᠃     ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号