ᠮᠠᠨ ᠤ ᠤᠯᠤᠰ ᠤᠨ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠵᠢᠴᠢ ᠬᠠᠮᠢᠶ᠎ᠠ ᠪᠥᠬᠦᠶ ᠥᠮᠡᠨ ᠡᠪᠡᠳᠴᠢᠨ ᠡᠭᠦᠰᠭᠦ ᠨᠣᠷᠮ᠎ᠠ ᠵᠢᠯ ᠳᠠᠷᠠᠭᠠᠯᠠᠨ ᠪᠠᠭᠤᠷᠠᠪᠠ
ᠨᠡᠶᠢᠲᠡᠯᠡᠭᠰᠡᠨ ᠴᠠᠭ᠄
2024/7/31
    ᠮᠠᠨ ᠤ ᠤᠯᠤᠰ ᠤᠨ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠵᠢᠴᠢ ᠬᠠᠮᠢᠶ᠎ᠠ ᠪᠥᠬᠦᠶ ᠡᠯᠢᠭᠡᠨ ᠤ ᠡᠰ ᠤᠨ ᠥᠮᠡᠨ ᠤ ᠨᠠᠰᠤ ᠪᠠᠷ ᠪᠠᠷᠢᠮᠵᠢᠶᠠᠯᠠᠭᠰᠠᠨ ᠡᠪᠡᠳᠴᠢᠯᠡᠬᠦ ᠨᠣᠷᠮ᠎ᠠ ᠵᠢᠯ ᠳᠠᠷᠠᠭᠠᠯᠠᠨ ᠪᠠᠭᠤᠷᠠᠪᠠ︔ ᠡᠩ ᠤᠨ ᠬᠥᠮᠦᠰ ᠤᠨ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠢᠷᠦ᠋ᠰ ᠤᠨ ᠥᠩᠭᠡᠨ ᠲᠠᠯ᠎ᠠ ᠶᠢᠨ ᠥᠳᠥᠭᠡᠭᠴᠢ ᠶᠢᠨ ᠬᠠᠯᠳᠠᠪᠤᠷᠢᠯᠠᠯ ᠤᠨ ᠨᠣᠷᠮ᠎ᠠ ᠦᠷᠭᠦᠯᠵᠢᠯᠡᠨ ᠪᠠᠭᠤᠷᠠᠪᠠ︔ ᠣᠶᠢᠷ᠎ᠠ ᠶᠢᠨ ᠵᠢᠯ ᠳᠤ ᠰᠠᠶ᠋ᠢ ᠲᠥᠷᠥᠭᠰᠡᠨ ᠬᠡᠦᠬᠡᠳ ᠤᠨ 3 ᠤᠳᠠᠭ᠎ᠠ ᠲᠠᠷᠢᠯᠭ᠎ᠠ ᠬᠢᠬᠦ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠦᠷᠭᠦᠯᠵᠢᠯᠡᠨ 95% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠨᠢᠭᠡᠨᠲᠡ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ 2030 ᠣᠨ ᠤ ᠬᠠᠷᠠᠯᠲᠠ ᠳᠤ ᠬᠥᠷᠪᠡ ᠁ ᠨᠢᠭᠡ ᠪᠦᠯᠦᠭ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠣᠶᠢᠷ᠎ᠠ ᠶᠢᠨ ᠵᠢᠯ ᠳᠤ ᠢᠳᠡᠪᠬᠢᠲᠡᠶ ᠠᠬᠢᠴᠠ ᠲᠠᠢ ᠪᠣᠯᠪᠠ᠃     ᠡᠨᠡ ᠪᠣᠯ 2024 ᠣᠨ ᠳᠤ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠲᠦᠷᠭᠡᠨ ᠠᠷᠢᠯᠭᠠᠬᠤ ᠡᠷᠳᠡᠮ ᠰᠢᠨᠵᠢᠯᠡᠭᠡᠨ ᠤ ᠬᠤᠷᠠᠯ ᠠᠴᠠ ᠣᠶᠢᠯᠠᠭᠠᠭᠰᠠᠨ ᠮᠡᠳᠡᠭᠡ ᠪᠣᠯᠤᠨ᠎ᠠ᠃     ︽ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠪᠣᠯ ᠪᠥᠬᠦ ᠪᠥᠮᠪᠥᠷᠴᠡᠭ ᠤᠨ ᠡᠪᠡᠳᠴᠢᠨ ᠤ ᠳᠠᠷᠤᠭᠠᠰᠤ ᠪᠠᠷ ᠬᠠᠮᠤᠭ ᠤᠨ ᠬᠦᠨᠳᠦ ᠬᠠᠯᠳᠠᠪᠤᠷᠢᠲᠤ ᠡᠪᠡᠳᠴᠢᠨ ᠤ ᠨᠢᠭᠡ ᠮᠥᠨ᠂ ᠪᠠᠰᠠ ᠴᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠠᠰᠠᠭᠤᠳᠠᠯ ᠮᠥᠨ︾᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠳᠤᠮᠳᠠᠳᠤ ᠶᠢᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ ᠤ ᠨᠡᠶᠢᠭᠡᠮᠯᠢᠭ ᠤᠨ ᠳᠠᠷᠤᠭ᠎ᠠ ᠯᠢ ᠪᠢᠨ᠂ 2016 ᠣᠨ ᠤ ᠳᠡᠯᠡᠬᠡᠶ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ ᠠᠴᠠ 2030 ᠣᠨ ᠳᠤ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠤᠤᠷ ᠬᠥᠨᠥᠭᠡᠯ ᠢ ᠠᠷᠢᠯᠭᠠᠬᠤ ᠬᠠᠷᠠᠯᠲᠠ ᠶᠢ ᠳᠤᠷᠠᠳᠤᠨ ᠭᠠᠷᠭᠠᠪᠠ᠃ ᠮᠠᠨ ᠤ ᠤᠯᠤᠰ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠵᠠᠰᠠᠬᠤ ᠶᠢ ᠤᠶᠠᠯᠳᠤᠭᠤᠯᠤᠭᠰᠠᠨ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠪᠠᠷ ᠳᠠᠮᠵᠢᠨ᠂ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠠᠺᠼᠢᠨ ᠤ ᠡᠭᠡᠯᠢᠯᠡᠭᠡ ᠶᠢᠨ ᠲᠠᠷᠢᠯᠭ᠎ᠠ ᠶᠢᠨ ᠪᠦᠷᠬᠦᠴᠡ᠂ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠢᠷᠦ᠋ᠰ ᠤᠨ ᠰᠢᠨ᠎ᠡ ᠪᠠᠷ ᠡᠭᠦᠰᠭᠦ ᠬᠠᠯᠳᠠᠪᠤᠷᠢᠯᠠᠯ ᠢ ᠬᠢᠵᠠᠭᠠᠷᠯᠠᠬᠤ ᠪᠠ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠲᠠᠢ ᠬᠠᠮᠢᠶ᠎ᠠ ᠲᠠᠢ ᠡᠯᠢᠭᠡᠨ ᠤ ᠡᠰ ᠤᠨ ᠥᠮᠡᠨ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠵᠠᠢ ᠭᠡᠵᠦ ᠢᠯᠡᠳᠬᠡᠪᠡ᠃     ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠦᠷᠢᠳᠭᠡᠯ ᠢ ᠦᠨᠳᠦᠰᠦᠯᠡᠪᠡᠯ᠂ 2022 ᠣᠨ ᠳᠤ ᠳᠤᠮᠳᠠᠳᠤ ᠤᠯᠤᠰ ᠤᠨ ᠡᠯᠢᠭᠡᠨ ᠥᠮᠡᠨ ᠤ ᠰᠢᠨ᠎ᠡ ᠪᠠᠷ ᠡᠭᠦᠰᠦᠭᠰᠡᠨ ᠡᠪᠡᠳᠴᠢᠲᠡᠨ ᠤ ᠲᠤᠭ᠎ᠠ ᠪᠠᠷᠤᠭ 36.77 ᠲᠦᠮᠡ ᠪᠠᠶᠢᠵᠤ᠂ ᠲᠡᠦᠬᠡ ᠶᠢᠨ ᠲᠤᠭ᠎ᠠ ᠪᠠᠷᠢᠮᠲᠠ ᠲᠠᠢ ᠬᠠᠷᠢᠴᠠᠭᠤᠯᠪᠠᠯ ᠪᠠᠭᠤᠷᠠᠬᠤ ᠬᠠᠨᠳᠤᠰᠢ ᠲᠠᠢ ᠪᠠᠶᠢᠨ᠎ᠠ᠃     ︽ᠣᠳᠣᠬᠠᠨ ᠳᠤ ᠮᠠᠨ ᠤ ᠤᠯᠤᠰ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ᠂ ᠴᠢᠰᠤᠨ ᠤ ᠠᠮᠤᠷ ᠲᠦᠪᠰᠢᠨ᠂ ᠠᠶᠤᠯᠭᠦᠶ ᠶᠢᠨ ᠲᠠᠷᠢᠯᠭ᠎ᠠ ᠬᠢᠬᠦ ᠪᠠ ᠬᠤᠤᠷ ᠬᠥᠨᠥᠭᠡᠯ ᠢ ᠪᠠᠭᠠᠰᠬᠠᠬᠤ ᠵᠡᠷᠭᠡ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠤᠨ ᠲᠠᠯ᠎ᠠ ᠪᠠᠷ ᠴᠥᠮ ᠢᠳᠡᠪᠬᠢᠲᠡᠶ ᠠᠬᠢᠵᠤ᠂ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠣᠨᠣᠰᠢᠯᠠᠬᠤ ᠨᠣᠷᠮ᠎ᠠ ᠪᠠ ᠡᠮᠨᠡᠨ ᠵᠠᠰᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︾ ᠭᠡᠵᠦ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠤᠸᠠᠩ ᠬᠤᠢ ᠢᠯᠡᠳᠬᠡᠪᠡ᠃     ᠵᠦᠩᠱᠠᠨ ᠶᠡᠭᠡ ᠰᠤᠷᠭᠠᠭᠤᠯᠢ ᠶᠢᠨ ᠬᠠᠷᠢᠶᠠᠲᠤ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠤᠨ ᠰᠠᠯᠠᠭᠠᠨ ᠤ ᠡᠷᠬᠢᠯᠡᠭᠴᠢ ᠡᠮᠴᠢ ᠯᠢᠨ ᠪᠢᠩ ᠯᠢᠶᠠᠩ᠂ ᠵᠠᠷᠢᠮ ᠤᠳᠠᠭᠠᠨ ᠴᠢᠨᠠᠷᠲᠠᠶ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠡᠪᠡᠳᠴᠢᠲᠡᠨ ᠤ ᠡᠪᠡᠳᠴᠢᠨ ᠨᠢ ᠬᠦᠳᠡᠯᠬᠦ ᠦᠶ᠎ᠡ ᠳᠤ ᠨᠢᠭᠡᠨᠲᠡ ᠬᠠᠯᠳᠠᠪᠤᠷᠢᠯᠠᠭᠳᠠᠭᠠᠳ ᠣᠯᠠᠨ ᠵᠢᠯ ᠪᠤᠯᠤᠭᠰᠠᠨ ᠪᠠᠶᠢᠵᠤ ᠮᠡᠳᠡᠨ᠎ᠡ᠂ ᠡᠶᠢᠮᠦ ᠠᠴᠠ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠤᠨ ᠰᠢᠭᠰᠢᠨ ᠪᠠᠶᠢᠴᠠᠭᠠᠯᠲᠠ ᠶᠢ ᠥᠷᠭᠡᠳᠭᠡᠬᠦ ᠨᠢ ᠮᠠᠰᠢ ᠴᠢᠬᠤᠯᠠ ᠶᠤᠮ᠃ ᠭᠠᠭᠴᠠ ᠬᠦ᠋‍ ᠰᠢᠭᠰᠢᠨ ᠪᠠᠶᠢᠴᠠᠭᠠᠬᠤ ᠬᠡᠪᠴᠢᠶ᠎ᠡ ᠶᠢ ᠥᠷᠭᠡᠳᠭᠡᠪᠡᠯ ᠰᠠᠶ᠋ᠢ ᠡᠮᠨᠡᠨ ᠵᠠᠰᠠᠬᠤ ᠨᠣᠷᠮ᠎ᠠ ᠶᠢ ᠵᠣᠬᠢᠴᠠᠩᠭᠤᠶ ᠪᠠᠷ ᠳᠡᠭᠡᠭᠰᠢᠯᠡᠭᠦᠯᠵᠦ᠂ ᠡᠪᠡᠳᠴᠢᠲᠡᠨ ᠢ ᠴᠠᠭ ᠲᠤᠬᠠᠶ ᠳᠤᠨᠢ ᠡᠮᠨᠡᠨ ᠵᠠᠰᠠᠵᠤ᠂ ᠡᠯᠢᠭᠡᠨ ᠤ ᠬᠠᠲᠠᠭᠤᠷᠠᠯ ᠡᠭᠦᠰᠭᠦ ᠶᠢ ᠪᠠᠭᠠᠰᠬᠠᠵᠤ ᠴᠢᠳᠠᠨ᠎ᠠ ᠭᠡᠵᠦ ᠦᠵᠡᠪᠡ᠃     ᠯᠢ ᠪᠢᠨ᠂ ᠮᠠᠨ ᠤ ᠤᠯᠤᠰ ᠤᠨ 2030 ᠣᠨ ᠳᠤ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠪᠥᠬᠦ ᠲᠠᠯ᠎ᠠ ᠪᠠᠷ ᠠᠷᠢᠯᠭᠠᠬᠤ ᠬᠠᠷᠠᠯᠲᠠ ᠳᠤ ᠮᠥᠨ ᠬᠦ ᠥᠷᠢᠰᠥᠯᠳᠦᠭᠡᠨ ᠲᠤᠯᠭᠠᠷᠠᠵᠤ ᠪᠠᠶᠢᠨ᠎ᠠ᠃ ︽︿ᠡᠷᠡᠭᠦᠯ ᠮᠡᠨᠳᠦ ᠳᠤᠮᠳᠠᠳᠤ ᠤᠯᠤᠰ 2030﹀ ᠲᠥᠯᠥᠪᠵᠢᠭᠦᠯᠭᠡ ᠶᠢᠨ ᠬᠥᠲᠥᠯᠪᠦᠷᠢ︾ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠳᠤ᠂ ᠢᠷᠡᠭᠡᠳᠦᠶ ᠳᠤ ᠬᠦᠭᠡᠭᠴᠢᠨ ᠬᠡᠯᠪᠡᠷᠢ ᠶᠢᠨ ᠡᠯᠢᠭᠡᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠳᠤ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠬᠦᠯᠦᠨ᠂ ᠸᠠᠺᠼᠢᠨ ᠤ ᠲᠠᠷᠢᠯᠭ᠎ᠠ ᠶᠢ ᠠᠬᠢᠭᠤᠯᠵᠤ᠂ ᠰᠢᠯᠭᠠᠨ ᠪᠠᠶᠢᠴᠠᠭᠠᠬᠤ ᠠᠷᠭ᠎ᠠ ᠪᠣᠳᠣᠯᠭ᠎ᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠬᠤ ᠬᠡᠷᠡᠭᠲᠡᠶ ᠭᠡᠵᠦ ᠢᠯᠡᠳᠬᠡᠪᠡ᠃     ︵︽ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号