ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠳᠠ ᠶᠢᠨ ᠣᠷᠣᠨ ᠤ ᠢᠷᠠᠭᠤ ᠠᠯᠳᠠᠷ  ᠢ ᠣᠯᠣᠬᠠᠰᠠᠨ ᠷᠡᠰᠢᠶᠠᠨ ᠬᠤᠳᠡ
ᠨᠡᠶᠢᠲᠡᠯᠡᠭᠰᠡᠨ ᠴᠠᠭ᠄
2024/8/15
     ᠡᠨᠡ ᠵᠢᠯ ᠤᠨ 6 ᠰᠠᠷ᠎ᠠ ᠳᠤ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠬᠢᠩᠭᠠᠨ ᠠᠶᠢᠮᠠᠭ ᠤᠨ ᠷᠠᠰᠢᠶᠠᠨ ᠬᠤᠳᠠ ᠶᠢᠨ ᠵᠢᠭᠤᠯᠴᠢᠯᠠᠯ ᠠᠮᠠᠷᠠᠯᠳᠠ ᠶᠢᠨ ᠣᠷᠣᠨ ᠢ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠲᠣᠭᠲᠠᠭᠠᠵᠦ᠂ ᠡᠨᠡ ᠨᠢ ᠮᠠᠨ ᠤ ᠣᠷᠣᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠤᠯᠤᠬᠰᠠᠨ ᠪᠠᠶᠢᠨ᠎ᠠ᠃ 8 ᠰᠠᠷ᠎ᠠ ᠶᠢᠨ 8 ᠤ ᠡᠳᠦᠷ᠂ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠳᠤ ᠵᠢᠩᠬᠢᠨᠢ ᠪᠠᠷ ᠫᠠᠶᠢᠰᠠ ᠣᠯᠭᠤᠪᠠ᠃ ᠷᠠᠰᠢᠶᠠᠨ ᠬᠤᠳᠠ ᠤᠯᠤᠰ ᠤᠨ 5A ᠲᠠᠰ ᠤᠨ ᠦᠵᠡᠮᠵᠢ ᠶᠢᠨ ᠣᠷᠣᠨ᠂ ᠳᠡᠯᠡᠬᠡᠶ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠢᠷᠠᠭᠤ ᠠᠯᠳᠠᠷ ᠢ ᠬᠦᠷᠳᠡᠭᠰᠡᠨ ᠤ ᠳᠠᠷᠠᠭᠠᠬᠢ ᠪᠠᠰᠠ ᠨᠢᠭᠡᠨ ᠳᠤᠮᠦ ᠢᠷᠠᠭᠤ ᠠᠯᠳᠠᠷ ᠢ ᠬᠦᠷᠳᠡᠵᠠᠢ᠃      ᠤᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠳᠠ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ ᠴᠠᠰᠤ᠂ ᠣᠶ ᠰᠢᠭᠤᠶ᠂ ᠬᠡᠭᠡᠷ᠎ᠡ ᠲᠠᠯ᠎ᠠ ᠵᠡᠷᠭᠡ ᠪᠠᠶᠢᠭᠠᠯᠢ ᠶᠢᠨ ᠡᠯᠪᠡᠭ ᠪᠠᠶᠠᠯᠢᠭ ᠳᠠᠪᠠᠭᠤᠯᠢᠭ ᠲᠠᠭᠠᠨ ᠲᠦᠰᠢᠭᠯᠡᠨ᠂ ᠵᠢᠭᠤᠯᠴᠢᠯᠠᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠵᠢᠭᠤᠯᠴᠢᠯᠠᠯ ᠤᠨ ᠪᠦᠲᠦᠭᠡᠭᠳᠡᠬᠦᠨ ᠤ ᠠᠭᠤᠯᠭ᠎ᠠ ᠪᠠᠨ ᠪᠠᠶᠠᠯᠢᠭᠵᠢᠭᠤᠯᠵᠦ᠂ ᠭᠤᠤᠯᠳᠠᠯᠭ᠎ᠠ ᠲᠠᠢ ᠲᠥᠷᠥᠯ ᠵᠦᠢᠯ ᠢ 62 ᠬᠡᠷᠡᠭᠵᠢᠭᠦᠯᠵᠠᠢ᠃ ᠢᠯᠠᠩᠭᠤᠶ᠎ᠠ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠰᠢᠰᠲ᠋ᠧᠮ ᠢᠶᠠᠨ ᠰᠢᠨᠡᠴᠢᠯᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠠᠩ ᠣᠯᠠᠨ ᠡᠰᠢᠵᠢᠭᠦᠯᠵᠦ᠂ ᠵᠢᠭᠤᠯᠴᠢᠯᠠᠯ ᠠᠮᠠᠷᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠨᠠᠩ ᠲᠡᠭᠦᠯᠳᠡᠷᠵᠢᠬᠦᠯᠪᠡ᠃      ᠷᠠᠰᠢᠶᠠᠨ ᠬᠤᠲᠠ ᠪᠠᠰᠠ ︽ᠪᠢᠴᠢᠯ ᠥᠭᠡᠷᠡᠴᠢᠯᠡᠯᠲᠡ᠂ ᠳᠤᠲᠠᠭᠤᠳᠠᠯ ᠢ ᠨᠥᠬᠦᠪᠥᠷᠢᠯᠡᠬᠦ᠂ ᠴᠡᠭᠴᠡᠯᠡᠨ ᠵᠠᠰᠠᠬᠤ ᠶᠢ ᠴᠢᠩᠭᠠᠳᠬᠠᠬᠤ︾ ᠲᠤᠰᠬᠠᠶ ᠠᠵᠢᠯᠯᠠᠭ᠎ᠠ ᠦᠷᠨᠢᠬᠦᠯᠵᠦ᠂ ᠵᠢᠭᠤᠯᠴᠢᠯᠠᠯ ᠠᠮᠠᠷᠠᠯᠲᠠ ᠶᠢᠨ ᠣᠷᠣᠨ ᠤ ᠴᠢᠳᠠᠮᠵᠢ ᠶᠢ ᠲᠡᠭᠦᠯᠳᠡᠷᠵᠢᠭᠦᠯᠬᠦ᠂ ᠲᠦᠷᠢ ᠲᠦᠷᠭᠦ ᠶᠢ ᠳᠠᠬᠢᠨ ᠱᠤᠭᠤᠬᠤ᠂ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠭᠤᠤᠯ ᠪᠣᠯᠭᠠᠭᠰᠠᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠪᠠᠨ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠰᠤᠪᠢᠯᠠᠯᠲᠠ ᠪᠠ ᠠᠮᠠᠷᠠᠯᠲᠠ ᠶᠢᠨ ᠴᠢᠳᠠᠮᠵᠢ ᠪᠠᠨ ᠨᠠᠩ ᠪᠦᠷᠢᠨ ᠲᠡᠭᠦᠯᠳᠡᠷ ᠪᠣᠯᠭᠠᠪᠠ᠃ ᠲᠤᠰ ᠬᠤᠳᠠ ᠵᠠᠬ᠎ᠠ ᠳᠡᠯᠭᠡᠭᠦᠷ ᠤᠨ ᠬᠠᠨᠳᠤᠰᠢ ᠪᠠ ᠵᠢᠭᠤᠯᠴᠢᠯᠠᠭᠴᠢᠳ ᠤᠨ ᠬᠠᠷᠠᠭᠠᠰᠤ ᠶᠢ ᠦᠨᠳᠦᠰᠦᠯᠡᠵᠦ᠂ ᠵᠢᠵᠢᠭ ᠰᠠᠵᠢᠭ ᠢ ᠪᠣᠳᠣᠯᠬᠢᠯᠠᠨ᠂ ᠪᠣᠳᠠᠲᠠᠢ ᠠᠴᠠ ᠭᠠᠷᠳᠠᠵᠤ᠂ ᠵᠢᠭᠤᠯᠴᠢᠯᠠᠯ ᠤᠨ ᠪᠠᠷᠢᠮᠵᠢᠶᠠᠵᠢᠯᠲᠠ᠂ ᠶᠠᠰᠤ ᠴᠢᠨᠠᠷᠵᠢᠯᠲᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠠᠢ᠃      ᠷᠠᠰᠢᠶᠠᠨ ᠬᠤᠲᠠ ᠪᠠᠰᠠ ᠪᠠᠶᠠᠷ ᠳᠤᠷᠠᠰᠬᠠᠯ ᠤᠨ ᠡᠳᠦᠷ ᠢ ᠲᠤᠬᠢᠶᠠᠯᠳᠤᠭᠤᠯᠤᠨ ᠤᠬᠠᠭᠤᠯᠭ᠎ᠠ ᠪᠠᠨ ᠴᠢᠩᠭᠠᠳᠬᠠᠵᠦ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾᠂ ᠬᠤᠷᠴᠠ ᠤᠯᠠᠭᠠᠨ ᠴᠡᠴᠡᠭ ᠤᠨ ᠪᠠᠶᠠᠷ᠂ ᠠᠭᠤᠯᠠ ᠠᠪᠠᠷᠢᠬᠤ ᠤᠯᠠᠷᠢᠯ᠂ ᠮᠥᠰᠥ ᠴᠠᠰᠤᠨ ᠤ ᠨᠠᠭᠠᠳᠤᠮ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠪᠠ ᠰᠤᠷᠭᠠᠭᠤᠯᠢ ᠶᠢᠨ ᠬᠠᠨᠢᠳᠠᠳ ᠤᠨ ᠠᠵᠤ ᠠᠬᠤᠶ ᠶᠢᠨ ᠶᠠᠷᠢᠶᠠᠨ ᠤ ᠲᠠᠪᠴᠠᠩ᠂ ᠵᠢᠭᠤᠯᠴᠢᠯᠠᠯ ᠠᠮᠠᠷᠠᠯᠲᠠ ᠶᠢᠨ ᠶᠡᠭᠡ ᠬᠤᠷᠠᠯ ᠵᠡᠷᠭᠡ ᠳᠡᠭᠡᠳᠦ ᠳᠡᠰ ᠤᠨ ᠬᠤᠷᠠᠯ ᠴᠤᠭᠯᠠᠭᠠᠨ ᠢ ᠡᠷᠬᠢᠯᠡᠵᠦ᠂ ᠳᠤᠮᠳᠠᠳᠤ ᠤᠯᠤᠰ ᠤᠨ ᠠᠷᠪᠠᠨ ᠶᠡᠭᠡ ᠬᠠᠯᠠᠮᠰᠢᠯ ᠬᠤᠲᠠ᠂ ᠵᠤᠰᠠᠯᠠᠩ ᠤᠨ ᠵᠢᠭᠤᠯᠴᠢᠯᠠᠯ ᠤᠨ ᠰᠢᠯᠢᠳᠡᠭ ᠭᠠᠵᠠᠷ᠂ ᠳᠤᠮᠳᠠᠳᠤ ᠤᠯᠤᠰ ᠤᠨ ︽ᠨᠡᠭᠦᠳᠡᠯ ᠤᠨ ᠰᠢᠪᠠᠭᠤ ᠮᠠᠶ᠋ᠢᠭ︾ ᠤᠨ ᠨᠠᠰᠤᠵᠢᠯ ᠤᠨ ᠠᠰᠠᠷᠠᠮᠵᠢ ᠶᠢᠨ ᠵᠣᠨ ᠤ ᠤᠯᠠᠷᠢᠯ ᠤᠨ ᠣᠷᠣᠰᠢᠨ ᠠᠮᠢᠳᠤᠷᠠᠬᠤ ᠭᠠᠵᠠᠷ᠂ ᠳᠤᠮᠳᠠᠳᠤ ᠮᠣᠩᠭᠤᠯ ᠣᠷᠣᠰ ᠤᠨ ᠵᠣᠬᠢᠶᠠᠨ ᠪᠦᠲᠦᠭᠡᠯᠭᠡ ᠶᠢᠨ ᠰᠠᠭᠤᠷᠢᠨ ᠭᠠᠵᠠᠷ᠂ ᠪᠥᠬᠦ ᠤᠯᠤᠰ ᠤᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠬᠠᠮᠤᠭ ᠤᠨ ᠬᠦᠷᠢᠶᠡᠯᠡᠯ ᠲᠠᠢ ᠵᠤᠷᠢᠯᠳᠠᠳᠦ ᠭᠠᠵᠠᠷ ᠵᠡᠷᠭᠡ ᠢᠷᠠᠭᠤ ᠠᠯᠳᠠᠷ ᠢ ᠤᠷᠢᠳ ᠬᠤᠵᠢᠳ ᠭᠥᠷᠳᠡᠵᠦ᠂ ᠷᠠᠰᠢᠶᠠᠨ ᠤ ᠵᠢᠭᠤᠯᠴᠢᠯᠠᠯ ᠤᠨ ᠳᠦᠷᠦᠯ ᠲᠡᠮᠳᠡᠭ ᠢ ᠤᠯᠤᠰ ᠳᠠᠶᠠᠭᠠᠷ ᠲᠤ ᠠᠯᠳᠠᠷᠰᠢᠭᠤᠯᠪᠠ᠃      ᠤᠶᠢᠷ᠎ᠠ ᠶᠢᠨ ᠵᠢᠯ ᠠᠴᠠ ᠨᠠᠭᠠᠰᠢ᠂ ᠷᠠᠰᠢᠶᠠᠨ ᠬᠤᠲᠠ ︽ᠤᠯᠤᠰ ᠤᠨ ᠳᠣᠲᠣᠭᠠᠳᠤ ᠳᠤ ᠲᠡᠷᠢᠭᠦᠨ ᠲᠠᠰ ᠤᠨ᠂ ᠳᠡᠯᠡᠬᠡᠶ ᠳᠤ ᠠᠯᠳᠠᠷᠲᠠᠶ︾ ᠵᠢᠭᠤᠯᠴᠢᠯᠠᠯ ᠠᠮᠠᠷᠠᠯᠲᠠ ᠶᠢᠨ ᠬᠤᠲᠠ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠴᠢᠷᠮᠠᠶᠢᠨ ᠡᠭᠦᠳᠴᠦ᠂ ᠵᠢᠭᠤᠯᠴᠢᠯᠠᠯ ᠠᠮᠠᠷᠠᠯᠲᠠ ᠶᠢᠨ ᠣᠷᠣᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠲᠠᠰ ᠳᠡᠪᠰᠢᠭᠦᠯᠵᠦ᠂ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠨ ᠵᠢᠭᠤᠯᠴᠢᠯᠠᠯ ᠠᠮᠠᠷᠠᠯᠲᠠ ᠶᠢᠨ ᠲᠡᠷᠢᠭᠦᠨ ᠰᠣᠩᠭᠤᠯᠲᠠ ᠶᠢᠨ ᠭᠠᠵᠠᠷ ᠪᠤᠯᠭᠠᠨ ᠪᠦᠳᠦᠭᠡᠨ ᠪᠠᠶᠢᠭᠤᠯᠵᠦ ᠪᠤᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号