ᠲᠡᠭᠡᠰᠦ ᠡᠪ ᠦᠭᠡᠢ ᠦᠰᠦᠷᠪᠠᠯ ᠡᠪᠦᠳᠦᠭ ᠢᠶᠠᠨ ᠭᠡᠮᠳᠦᠭᠡᠨ᠎ᠡ
ᠨᠡᠶᠢᠲᠡᠯᠡᠭᠰᠡᠨ ᠴᠠᠭ᠄
2024/8/26
     ᠰᠢᠨᠵᠢᠯᠡᠬᠦ ᠤᠬᠠᠭᠠᠨ ᠤ ᠰᠤᠳᠤᠯᠭᠠᠨ ᠤ ᠢᠯᠡᠷᠡᠭᠦᠯᠦᠭᠰᠡᠨ ᠢᠶᠠᠷ᠂ ᠳᠡᠭᠡᠰᠦ ᠦᠰᠦᠷᠬᠦ ᠦᠶ᠎ᠡ ᠳᠤ᠂ ᠡᠪᠦᠳᠦᠭ ᠤᠨ ᠦᠶ᠎ᠡ ᠳᠡᠭᠡᠰᠦ ᠦᠰᠦᠷᠦᠭᠴᠢ ᠶᠢᠨ ᠪᠡᠶ᠎ᠡ ᠶᠢᠨ ᠬᠦᠨᠳᠦ ᠶᠢᠨ ᠬᠤᠶᠠᠷ ᠠᠴᠠ ᠭᠤᠷᠪᠠᠨ ᠲᠠᠬᠢᠨ ᠬᠦᠨᠳᠦ ᠶᠢ ᠲᠠᠭᠠᠭᠠᠬᠤ ᠬᠡᠷᠡᠭᠳᠡᠢ ᠲᠤᠯᠠ ᠬᠡᠳᠦᠶ ᠥᠨᠳᠥᠷ ᠦᠰᠦᠷᠬᠦ ᠲᠤᠲᠤᠮ ᠡᠪᠦᠳᠦᠭ ᠤᠨ ᠦᠶ᠎ᠡ ᠶᠢᠨ ᠳᠠᠷᠤᠯᠲᠠ ᠲᠡᠳᠦᠶ ᠶᠡᠭᠡ ᠪᠣᠯᠤᠨ᠎ᠠ᠃ ᠥᠷᠥᠭᠡᠰᠦᠨ ᠬᠥᠯ ᠢᠶᠠᠷ ᠲᠡᠭᠡᠰᠦ ᠦᠰᠦᠷᠬᠦ ᠨᠢ ᠡᠪᠦᠳᠦᠭ ᠲᠤ ᠨᠡᠩ ᠶᠡᠭᠡ ᠲᠠᠷᠤᠯᠳᠠ ᠦᠭᠳᠡᠭ᠃ ᠳᠡᠭᠡᠰᠦ ᠦᠰᠦᠷᠬᠦ ᠨᠢ ᠪᠡᠶ᠎ᠡ ᠶᠢᠨ ᠡᠷᠡᠭᠦᠯ ᠮᠡᠨᠲᠦ ᠳᠤ ᠠᠰᠢᠭᠲᠠᠶ᠂ ᠭᠡᠪᠡᠴᠦ ᠳᠣᠣᠷᠠᠬᠢ 4 ᠵᠦᠢᠯ ᠤᠨ ᠲᠡᠭᠡᠰᠦ ᠦᠰᠦᠷᠬᠦ ᠠᠷᠭ᠎ᠠ ᠨᠢ ᠡᠪᠦᠳᠦᠭ ᠤᠨ ᠦᠶ᠎ᠡ ᠶᠢ ᠭᠡᠮᠲᠦᠭᠡᠵᠦ ᠮᠡᠳᠡᠨ᠎ᠡ᠄ᠪᠤᠷᠤᠭᠤ 1᠄ ᠬᠡᠲᠦ ᠥᠨᠳᠥᠷ ᠦᠰᠦᠷᠬᠦ      ᠬᠡᠲᠦᠢ ᠥᠨᠳᠥᠷ ᠦᠰᠦᠷᠬᠦ ᠲᠤᠰᠤᠮ ᠳᠣᠷᠣᠭᠰᠢ ᠪᠠᠭᠤᠬᠤ ᠵᠠᠶ ᠨᠢ ᠲᠡᠲᠦᠢ ᠣᠷᠳᠣ ᠪᠣᠯᠤᠨ᠎ᠠ᠃ ᠤᠷᠲᠤ ᠬᠤᠭᠤᠴᠠᠭ᠎ᠠ ᠬᠡᠲᠦ ᠦᠨᠲᠦᠷ ᠦᠰᠦᠷᠪᠠᠯ ᠭᠠᠵᠠᠷ ᠪᠠᠭᠤᠬᠤ ᠭᠱᠠᠨ ᠤ ᠲᠠᠷᠤᠯᠲᠠ ᠨᠢ ᠬᠡᠲᠦ ᠶᠡᠭᠡ ᠠᠴᠠ ᠪᠣᠯᠵᠤ ᠱᠠᠭ᠎ᠠ ᠶᠢᠨ ᠦᠶ᠎ᠡ ᠶᠢ ᠭᠡᠮᠲᠦᠭᠡᠵᠦ ᠮᠡᠳᠡᠨ᠎ᠡ᠃ᠪᠤᠷᠤᠭᠤ 2᠄ ᠬᠤᠶᠠᠷ ᠬᠥᠯ ᠤᠨ ᠬᠦᠴᠦ ᠲᠡᠭᠰᠢ ᠪᠤᠰᠤ      ᠡᠩ ᠤᠨ ᠪᠠᠶᠢᠳᠠᠯ ᠳᠣᠣᠷ᠎ᠠ᠂ ᠳᠡᠭᠡᠰᠦ ᠦᠰᠦᠷᠬᠦ ᠳᠤ ᠬᠤᠶᠠᠷ ᠬᠥᠯ ᠢᠶᠠᠨ ᠵᠢᠭᠳᠡ ᠬᠦᠴᠦᠯᠡᠨ᠎ᠡ᠂ ᠭᠡᠪᠡᠴᠦ ᠵᠠᠷᠢᠮ ᠦᠶ᠎ᠡ ᠳᠤ ᠬᠤᠶᠠᠷ ᠬᠦᠯ ᠤᠨ ᠬᠦᠴᠦ ᠬᠦᠯᠢᠶᠡᠬᠦ ᠬᠡᠮᠵᠢᠶ᠎ᠡ ᠨᠢ ᠲᠡᠩᠴᠡᠬᠦᠦ ᠪᠤᠰᠤ ᠪᠠᠶᠢᠵᠤ ᠮᠡᠳᠡᠨ᠎ᠡ᠃ ᠠᠩᠬ᠎ᠠ ᠲᠡᠭᠡᠰᠦ ᠦᠰᠦᠷᠴᠦ ᠪᠠᠶᠢᠭ᠎ᠠ ᠬᠥᠮᠦᠰ ᠬᠥᠯ ᠢᠶᠠᠨ ᠨᠡᠶᠢᠯᠡᠭᠦᠯᠦᠨ ᠦᠰᠦᠷᠬᠦ ᠶᠢ ᠰᠠᠨᠠᠭᠤᠯᠤᠶ᠎ᠠ᠃ᠪᠤᠷᠤᠭᠤ 3᠄ ᠬᠤᠶᠠᠷ ᠬᠥᠯ ᠢᠶᠠᠨ ᠬᠡᠲᠦ ᠠᠰᠬᠠᠨ ᠪᠠᠶᠢᠯᠭᠠᠬᠤ     ᠬᠤᠶᠠᠷ ᠬᠥᠯ ᠢᠶᠠᠨ ᠬᠡᠲᠦᠷᠬᠡᠶ ᠠᠰᠬᠠᠨ ᠰᠤᠩᠭᠠᠪᠠᠯ ᠮᠥᠨ ᠴᠦ ᠠᠮᠠᠷᠬᠠᠨ ᠭᠡᠮᠲᠦᠵᠦ ᠰᠢᠷᠬᠠᠲᠤᠨ᠎ᠠ᠃ ᠳᠡᠭᠡᠰᠦ ᠦᠰᠦᠷᠬᠦ ᠳᠡᠭᠡᠨ ᠡᠪᠦᠳᠦᠭ ᠤᠨ ᠦᠶ᠎ᠡ ᠪᠠᠨ ᠠᠶᠠᠨᠲᠠᠭᠠᠨ  ᠵᠢᠭᠠᠬᠠᠨ ᠮᠤᠷᠦ᠋ᠢᠯᠠᠭᠠᠵᠦ᠂ ᠵᠣᠷᠢᠭᠤᠳᠠ ᠠᠰᠬᠠᠨ ᠪᠣᠯᠭᠠᠭᠰᠠᠨ ᠤ ᠬᠡᠷᠡᠭ ᠦᠭᠡᠢ᠃ᠪᠤᠷᠤᠭᠤ 4᠄ ᠬᠡᠳᠦ ᠬᠤᠷᠳᠤᠨ ᠦᠰᠦᠷᠬᠦ     ᠵᠠᠷᠢᠮ ᠬᠥᠮᠦᠨ ᠪᠡᠶ᠎ᠠ ᠶᠢᠨ ᠲᠠᠮᠢᠷ ᠤᠨ ᠬᠥᠳᠡᠯᠭᠡᠭᠡᠨ ᠬᠢᠬᠦ ᠦᠶ᠎ᠡ ᠳᠤ ᠲᠡᠩᠳᠡᠬᠦᠦ ᠬᠤᠷᠳᠤᠯᠠᠵᠦ᠂ ᠠᠯᠢ ᠲᠦᠷᠭᠡᠨ ᠢᠶᠠᠷ ᠥᠭᠡᠬᠦ ᠪᠠᠭᠤᠷᠠᠭᠤᠯᠬᠤ ᠪᠤᠶᠤ ᠪᠤᠯᠴᠢᠩ ᠢᠶᠠᠨ ᠨᠡᠮᠡᠭᠳᠡᠭᠦᠯᠬᠦ ᠶᠢ ᠬᠦᠰᠡᠳᠡᠭ᠂ ᠡᠨᠡ ᠨᠢ ᠮᠦᠨ ᠠᠮᠠᠷᠬᠠᠨ ᠦᠶ᠎ᠡ ᠬᠡᠰᠢᠬᠦᠦ ᠶᠢ ᠰᠢᠷᠬᠠᠲᠤᠭᠤᠯᠳᠠᠭ᠃     ᠡᠭᠦᠨ ᠠᠴᠠ ᠭᠠᠳᠠᠨ᠎ᠠ ᠮᠡᠳᠡᠬᠦ ᠴᠢᠬᠤᠯᠠᠲᠠᠢ ᠨᠢ᠂ ᠬᠥᠮᠦᠨ ᠪᠦᠬᠦᠨ ᠳᠡᠭᠡᠰᠦ ᠦᠰᠦᠷᠬᠦ ᠳᠤ ᠳᠣᠭᠢᠷᠠᠬᠤ ᠪᠢᠰᠢ᠂ ᠲᠤᠰᠬᠠᠶ ᠮᠡᠷᠭᠡᠵᠢᠯᠲᠡᠨ ᠤ ᠬᠡᠯᠡᠬᠦ ᠪᠠᠷ᠂ ᠵᠢᠷᠦᠬᠡᠨ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠮᠡᠲᠦ ᠶᠢᠨ ᠣᠨᠴᠠᠭᠠᠶ ᠡᠪᠡᠳᠴᠢᠨ ᠲᠠᠢ ᠨᠠᠶᠢᠵᠠ ᠨᠠᠷ ᠡᠮᠴᠢ ᠶᠢᠨ ᠵᠠᠬᠢᠶ᠎ᠠ ᠶᠢ ᠵᠢᠷᠤᠮᠯᠠᠨ᠂ ᠳᠡᠭᠡᠰᠦ ᠦᠰᠦᠷᠬᠦ ᠥᠬᠡᠶ ᠪᠣᠯ ᠬᠠᠮᠤᠭ ᠰᠠᠶᠢᠨ᠃ ᠬᠡᠷᠪᠡ ᠡᠪᠦᠳᠦᠭ ᠤᠨ ᠦᠶ᠎ᠡ ᠭᠡᠮᠲᠦᠵᠦ ᠥᠩᠭᠡᠷᠡᠭᠰᠡᠨ ᠪᠠᠶᠢᠪᠠᠯ᠂ ᠬᠡᠲᠦᠷᠬᠡᠶ ᠤᠷᠲᠤ ᠬᠤᠭᠤᠴᠠᠭ᠎ᠠ ᠦᠰᠦᠷᠬᠦ ᠪᠤᠯᠬᠤ ᠦᠬᠡᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号