ᠶᠠᠩ ᠶᠦᠩ ᠵᠢᠦ ᠸᠧᠨᠴᠢᠤᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ᠲᠤ ᠨᠠᠮ ᠤᠨ ᠬᠤᠷᠢᠳᠤᠭᠠᠷ ᠬᠤᠭᠤᠴᠠᠭᠠᠨ ᠤ  ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/29
       8 ᠰᠠᠷ᠎ᠠ ᠶᠢᠨ 28 ᠤ ᠡᠳᠦᠷ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠸᠧᠨᠴᠢᠤᠸᠠᠨ ᠵᠡᠭᠡᠯᠢ ᠶᠢᠨ ᠱᠧᠨᠴᠢᠤᠸᠠᠨ ᠨᠡᠶᠢᠭᠡᠮ ᠲᠣᠭᠤᠷᠢᠭ ᠢᠶᠠᠷ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠲᠥᠯᠥᠭᠡᠯᠡᠭᠴᠢ ᠲᠠᠢ ᠠᠭᠤᠯᠵᠠᠵᠣ ᠣᠶᠢᠯᠠᠭᠠᠯᠲᠠ ᠪᠠᠨ ᠰᠣᠯᠢᠯᠴᠠᠪᠠ᠃    ᠶᠠᠩ ᠶᠦᠩ ᠵᠢᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠲᠡᠷᠢᠭᠦᠨ ᠴᠢᠬᠤᠯᠠ ᠶᠠᠪᠤᠳᠠᠯ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠠᠵᠢᠯ ᠤᠨ ᠭᠤᠣᠯ ᠰᠢᠵᠢᠮ ᠢ ᠤᠯᠠᠮ ᠨᠢᠭᠡ ᠠᠯᠬᠤᠮ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠶᠠᠪᠤᠴᠠ ᠳᠤ ᠲᠤᠭᠤᠰᠢᠯᠠᠭᠤᠯᠵᠤ᠂ ᠦᠵᠡᠵᠦ ᠰᠣᠨᠣᠰᠬᠤ ᠳᠤᠷᠠᠲᠠᠢ᠂ ᠬᠦᠯᠢᠶᠡᠨ ᠠᠪᠬᠤ ᠳᠤ ᠬᠢᠯᠪᠠᠷ ᠠᠷᠭ᠎ᠠ ᠬᠡᠯᠪᠡᠷᠢ ᠪᠠᠷ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ  ᠣᠷᠢᠶᠠᠯᠠᠵᠣ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠭᠡᠯ ᠠᠷᠠᠳ ᠤᠨ ᠭᠡᠷ ᠲᠤ ᠬᠦᠷᠭᠡᠵᠦ᠂ ᠥᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃    ᠶᠠᠩ ᠶᠦᠩ ᠵᠢᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠵᠣᠷᠢᠭ ᠰᠠᠨᠠᠭ᠎ᠠ ᠲᠠᠢ ᠬᠠᠷᠭᠤᠭᠤᠯᠵᠤ᠂ ᠪᠥᠬᠦ ᠬᠤᠲᠠ ᠶᠢᠨ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ᠂ ᠭᠤᠤᠯ ᠰᠢᠪᠲᠤᠯᠤᠯᠲᠠ ᠶᠢᠨ ᠴᠢᠭᠯᠡᠯ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ︽ᠭᠤᠷᠪᠠᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠠᠳᠬᠤᠵᠤ᠂ ᠵᠢᠭᠤᠯᠴᠢᠯᠠᠯ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠥᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ  ᠪᠡ ᠰᠢᠨ᠎ᠡ ᠪᠠᠶᠢᠳᠠᠯ ᠡᠭᠦᠳᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠣᠨ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠵᠤ ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠨ᠂ ᠰᠢᠰᠲ᠋ᠧᠮ ᠪᠠ ᠬᠡᠰᠡᠭ ᠢ ᠤᠶᠠᠯᠳᠤᠭᠤᠯᠵᠤ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠣᠨ᠂ ᠪᠣᠳᠠᠲᠠᠢ ᠦᠷ᠎ᠡ ᠪᠦᠲᠦᠮᠵᠢ ᠪᠠᠷ ᠢᠶᠠᠨ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠲᠡᠰ ᠳᠡᠪᠰᠢᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠰᠢᠨ᠎ᠡ ᠵᠠᠮ ᠢ ᠨᠡᠭᠡᠭᠡᠨ ᠬᠦᠭᠵᠢᠬᠦᠯᠬᠦ ᠳᠤᠮᠳ᠋ᠨ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠠ᠃    ᠶᠠᠩ ᠶᠦᠩ ᠵᠢᠦ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠬᠦ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠬᠦᠰᠡᠯ ᠡᠷᠡᠮᠡᠯᠵᠡᠯ ᠳᠤᠷᠠᠳᠴᠠᠢ᠃ ᠲᠡᠷᠡ᠂ ᠨᠠᠮ ᠪᠣᠯᠤᠨ ᠣᠯᠠᠨ ᠲᠦᠮᠡᠨ ᠤ ︽ᠰᠡᠳᠬᠢᠯ ᠤᠨ ᠬᠤᠯᠪᠤᠭᠠᠰᠤ︾᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠤᠨ ᠡᠮᠦᠨ᠎ᠡ ᠹᠷᠣᠨᠲ︾ ᠪᠣᠯᠤᠭᠰᠠᠨ ᠤ ᠬᠤᠪᠢ ᠳᠤ᠂ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠨᠡᠶᠢᠭᠡᠮ ᠲᠣᠭᠤᠷᠢᠭ  ᠬᠤᠯᠪᠣᠭᠠᠯᠠᠨ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠦᠵᠡᠯ ᠰᠠᠨᠠᠭᠠᠨ ᠤ ᠬᠥᠪᠴᠢ ᠪᠠᠨ ᠴᠢᠩᠭᠠᠯᠠᠵᠤ᠂ ᠠᠵᠢᠯ ᠤᠨ ᠬᠦᠴᠦᠯᠡᠬᠦ ᠴᠡᠭ ᠢᠶᠠᠨ ᠰᠠᠶᠢᠲᠤᠷ ᠠᠳᠬᠤᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠥᠷᠭᠡᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠵᠢᠮ᠎ᠡ ᠶᠣᠰᠣ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠂ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ᠂ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢ ᠪᠤᠢ ᠪᠣᠯᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠨᠢ ᠬᠤᠰᠢᠭᠤᠷᠡᠵᠣ᠂ ᠦᠯᠢᠭᠡᠷ ᠳᠠᠭᠤᠷᠢᠶᠠᠯ ᠪᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠭᠡᠷᠡᠭᠳᠡᠢ ᠭᠡᠵᠡᠢ᠃    
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号