ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠳᠤᠰᠠᠯᠠᠮᠵᠢ ᠶᠢᠨ ᠲᠦᠪ ᠬᠠᠤᠯᠢ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2024/8/29
     ᠣᠶᠢᠷ᠎ᠠ ᠳᠤ᠂ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠷᠠᠰᠢᠶᠠᠨ ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ᠂ ᠨᠡᠶᠢᠭᠡᠮ ᠤᠨ ᠠᠰᠠᠷᠠᠮᠵᠢ ᠶᠢᠨ ᠲᠥᠪ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠨ᠂ ᠨᠠᠰᠤᠲᠠᠶᠢᠴᠤᠳ ᠵᠢᠴᠢ ᠨᠠᠰᠤᠨ ᠳᠤ ᠥᠯᠥ ᠬᠦᠷᠦᠭᠰᠡᠳ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠶ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ᠂ ᠤᠬᠠᠭᠤᠯᠭ᠎ᠠ ᠶᠢᠨ ᠬᠠᠭᠤᠳᠠᠰᠦ ᠳᠠᠷᠬᠠᠭᠠᠬᠤ ᠵᠡᠷᠭᠡ ᠣᠯᠠᠨ ᠲᠥᠷᠥᠯ ᠤᠨ ᠬᠡᠯᠪᠡᠷᠢ ᠪᠠᠷ ᠶᠠᠪᠤᠭᠳᠠᠵᠤ᠂ ᠨᠠᠰᠤᠲᠠᠶᠢᠴᠤᠳ ᠵᠢᠴᠢ ᠨᠠᠰᠤᠨ ᠳᠤ ᠥᠯᠥ ᠬᠦᠷᠦᠭᠰᠡᠳ ᠲᠤ ᠬᠤᠯᠪᠤᠬᠳᠠᠬᠤ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠬᠦᠯᠤᠨ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠲᠠᠶᠢᠯᠪᠤᠷᠢᠯᠠᠵᠤ᠂ ᠬᠠᠤᠯᠢ ᠴᠠᠭᠠᠵᠠ ᠶᠢᠨ ᠵᠡᠪᠰᠡᠭ ᠢ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠠᠬᠢᠭᠤᠯᠵᠥ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 150 ᠭᠠᠷᠤᠶ ᠬᠤᠪᠢ ᠲᠠᠷᠬᠠᠭᠠᠵᠤ᠂ 20 ᠭᠠᠷᠤᠶ ᠬᠥᠮᠦᠨ ︵ᠤᠳᠠᠭ᠎ᠠ︶ ᠤ ᠬᠠᠤᠯᠢ ᠴᠠᠭᠠᠵᠠ ᠶᠢᠨ ᠯᠠᠪᠯᠠᠯᠭ᠎ᠠ ᠳᠤ ᠬᠠᠷᠢᠭᠤᠯᠲᠠ ᠥᠭᠬᠦᠭᠰᠡᠨ ᠪᠠᠶᠢᠨ᠎ᠠ᠃      ᠵᠢᠯ ᠤᠨ ᠡᠬᠢᠨ ᠠᠴᠠ ᠨᠠᠭᠠᠰᠢ᠂ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠡᠯ᠎ᠡ ᠲᠥᠷᠥᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠪᠠᠷ ᠵᠣᠷᠢᠯᠲᠠ ᠪᠣᠯᠭᠠᠬᠤ ᠶᠢ ᠪᠠᠷᠢᠮᠲᠠᠯᠠᠨ᠂ ︽ᠬᠠᠤᠯᠢ ᠴᠠᠭᠠᠵᠠ ᠶᠢᠨ ᠲᠤᠰᠠᠯᠠᠮᠵᠢ + N︾ ᠤᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠲᠠᠢ ᠬᠤᠯᠪᠣᠭᠠᠯᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠲᠤᠷᠠᠴᠤᠤᠯ ᠢ ᠵᠣᠬᠢᠶᠠᠨ ᠪᠠᠶᠢᠭᠤᠯᠵᠤ ᠬᠠᠨᠳᠤᠯᠭᠠᠲᠤ ᠴᠢᠨᠠᠷᠲᠠᠶ ᠪᠠᠷ ︽ᠬᠠᠤᠯᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠥᠷᠨᠢᠭᠦᠯᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠤᠷᠢᠳ ᠢᠶᠠᠷ ᠬᠦᠯᠢᠶᠡᠨ ᠠᠪᠴᠤ ᠰᠢᠢᠳᠪᠦᠷᠢᠯᠡᠬᠦ᠂ ᠤᠷᠢᠳ ᠢᠶᠠᠷ ᠬᠢᠨᠠᠨ ᠵᠥᠪᠰᠢᠶᠡᠷᠡᠬᠦ᠂ ᠤᠷᠢᠳ ᠢᠶᠠᠷ ᠵᠢᠭᠠᠨ ᠲᠣᠮᠢᠯᠠᠬᠤ ᠶᠢ ᠬᠡᠷᠡᠭᠵᠢᠭᠦᠯᠪᠡ᠃      ᠣᠲᠣᠬᠠᠨ ᠪᠣᠯᠲᠠᠯ᠎ᠠ᠂ ᠷᠠᠰᠢᠶᠠᠨ ᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ 24 ᠬᠡᠷᠡᠭ ᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ 17 ᠤᠳᠠᠭ᠎ᠠ ᠥᠷᠨᠢᠭᠦᠯᠪᠡ᠃      ︵ᠰᠦᠨ ᠱᠸᠡᠭ ᠮᠸᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号