ᠤᠮᠠᠷᠠᠳᠤ ᠬᠢᠯᠢ ᠶᠢᠨ ᠰᠤᠶᠤᠯ — ᠬᠦᠭᠵᠢᠯ ᠮᠠᠨᠳᠣᠯ ᠢ ᠬᠤᠷᠤᠶᠢᠯᠠᠭᠰᠠᠨ ᠲᠠᠯ᠎ᠠ ᠶᠢᠨ ᠨᠠᠭᠠᠳᠤᠮ  ᠬᠦᠮᠦᠨ ᠠᠷᠠᠳ ᠢᠶᠠᠨ ᠪᠠᠶᠠᠰᠬᠠᠭᠰᠠᠨ ᠨᠤᠳᠤᠭ ᠤᠨ ᠨᠠᠶᠢᠷ
ᠨᠡᠶᠢᠲᠡᠯᠡᠭᠰᠡᠨ ᠴᠠᠭ᠄
2024/8/29
       ᠲᠠᠩᠰᠤᠭ ᠨᠤᠳᠤᠭ ᠲᠤᠨᠢ ᠲᠠᠷᠭᠤᠨ ᠰᠦᠷᠦᠭ ᠪᠦᠮᠪᠦᠭᠡᠨᠡᠵᠦ᠂ ᠲᠡᠨᠢᠭᠡᠷ ᠲᠠᠯ᠎ᠠ ᠳᠤᠨᠢ ᠤᠷᠳᠦ ᠶᠢᠨ ᠲᠠᠭᠤᠤ ᠤᠶᠠᠩᠭᠠᠷᠠᠬᠰᠠᠨ 8 ᠰᠠᠷ᠎ᠠ ᠶᠢᠨ 18 ᠤ ᠡᠳᠦᠷ᠂ ︽ᠬᠤᠪᠢᠰᠬᠠᠯᠳᠥ ᠬᠢᠨᠭ᠍ᠭᠠᠨ᠂ ᠪᠤᠬᠢᠷᠳᠤᠯ ᠦᠬᠡᠢ ᠬᠦᠭᠵᠢᠯᠳᠡ᠂ ᠲᠠᠯ᠎ᠠ ᠨᠤᠲᠤᠭ ᠤᠨ ᠪᠤᠯᠵᠤᠭ᠎ᠠ᠂ ᠠᠭᠤᠰᠤᠯᠴᠠᠯ ᠢ ᠬᠠᠮᠳᠥ ᠪᠠᠷ ᠡᠳ᠋ᠯᠡᠬᠦ᠂ ᠡᠳᠥᠷ ᠪᠦᠷᠢ ᠨᠠᠭᠠᠳᠥᠮ ᠲᠠᠢ︾ ᠭᠡᠬᠦ ᠭᠤᠤᠯ ᠰᠡᠳᠦᠪᠳᠤ 2024 ᠤᠨ ᠤ ᠬᠢᠨᠭ᠍ᠭᠠᠨ ᠠᠶᠢᠮᠠᠭ ᠤᠨ ᠨᠠᠭᠠᠳᠦᠮ ᠤᠨ ᠤᠯᠠᠷᠢᠯ ᠤᠨ ᠠᠵᠢᠯᠯᠠᠭ᠎ᠠ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠤᠯᠠᠭᠠᠨᠮᠤᠲᠦ ᠰᠤᠮᠤᠨ ᠳᠤ 33 ᠡᠳᠦᠷ ᠨᠢᠵᠢᠬᠢᠷ ᠰᠠᠶᠢᠬᠠᠨ ᠶᠠᠪᠤᠬᠳᠠᠵᠦ ᠲᠡᠭᠦᠰ ᠠᠮᠵᠢᠯᠲᠠᠲᠠᠢ ᠦᠨᠳᠦᠷᠯᠡᠭᠰᠡᠨ ᠪᠠᠶᠢᠨ᠎ᠠ᠃      ᠨᠠᠭᠠᠳᠦᠮ ᠤᠨ ᠤᠯᠠᠷᠢᠯ ᠤᠨ ᠬᠤᠭᠤᠴᠠᠭᠠᠨ ᠳᠤ᠂ ᠰᠤᠶᠤᠯ ᠤᠷᠠᠯᠢᠭ ᠤᠨ ᠬᠦᠳᠡᠯᠭᠡᠭᠡᠨ᠂ ᠤᠯᠠᠮᠵᠢᠯᠠᠯᠳᠤ ᠪᠡᠶ᠎ᠠ ᠶᠢᠨ ᠲᠠᠮᠢᠷ ᠤᠨ ᠤᠷᠤᠯᠳᠤᠭᠠᠨ᠂ ᠵᠢᠭᠤᠯᠴᠢᠯᠠᠯ ᠢ ᠪᠡᠶᠡᠴᠢᠯᠡᠨ ᠤᠶᠢᠯᠠᠭᠠᠬᠤ ᠵᠡᠷᠭᠡ 100 ᠭᠠᠷᠤᠢ ᠵᠥᠢᠯ ᠤᠨ ᠠᠵᠢᠯᠯᠠᠭ᠎ᠠ ᠳᠤᠬᠢᠷᠠᠭᠤᠯᠪᠠ᠃ ᠪᠠᠰᠠ ᠡᠳᠥᠷ ᠪᠦᠷᠢ ᠤᠯᠠᠮᠵᠢᠯᠠᠯᠳᠥ ᠨᠠᠭᠠᠳᠥᠮ᠂ ᠦᠳᠡᠰᠢ ᠪᠦᠷᠢ ᠤᠷᠠᠨ ᠰᠠᠶᠢᠬᠠᠨ ᠤ ᠲᠤᠬᠯᠠᠯᠲᠠ ᠲᠤᠬᠢᠷᠠᠭᠤᠯᠵᠦ᠂ ᠦᠨᠳᠦᠰᠦᠲᠡᠨ ᠤ ᠤᠨᠴᠠᠯᠢᠭ ᠲᠠᠢ ᠪᠠᠷᠠᠭ᠎ᠠ ᠲᠠᠸᠠᠷ ᠢ ᠪᠤᠷᠤᠯᠠᠭᠤᠯᠬᠤ᠂ ᠬᠤᠪᠴᠠᠰᠦ ᠵᠠᠰᠠᠯ ᠤᠨ ᠦᠵᠡᠭᠦᠯᠭᠡ ᠭᠠᠷᠭᠠᠬᠤ᠂ ᠳᠠᠭᠤᠤ ᠬᠦᠭᠵᠢᠮ ᠤᠨ ᠨᠠᠶᠢᠷ ᠡᠷᠭᠢᠯᠡᠬᠦ᠂ ᠳᠠᠯ᠎ᠠ ᠨᠤᠳᠤᠭ ᠤᠨ ᠵᠢᠭᠤᠯᠴᠢᠯᠠᠯ ᠢ ᠪᠡᠶᠡᠴᠢᠯᠡᠨ ᠤᠶᠢᠯᠠᠭᠠᠬᠤ᠂ ᠮᠤᠷᠢᠨ ᠮᠡᠷᠭᠡᠵᠢᠯ ᠤᠨ ᠦᠵᠡᠬᠦᠯᠭᠡ ᠭᠠᠷᠭᠠᠬᠤ᠂ ᠤᠯᠠᠨ ᠤᠯᠤᠰ ᠤᠨ ᠲᠠᠸᠠᠷ ᠤᠨ ᠦᠵᠡᠭᠦᠯᠭᠡ ᠭᠠᠷᠭᠠᠬᠤ ᠵᠡᠷᠭᠡ ᠠᠵᠢᠯᠯᠠᠭ᠎ᠠ ᠪᠠᠷ ᠤᠷᠤᠨ ᠨᠤᠳᠤᠭ ᠤᠨ ᠠᠵᠦ ᠠᠬᠤᠢ ᠶᠢᠨ ᠬᠦᠭᠵᠢᠯᠳᠡ ᠶᠢ ᠲᠠᠶᠢᠴᠢᠯᠠᠬᠰᠠᠨ ᠢᠶᠠᠷ ᠪᠠᠷᠠᠬᠤ ᠦᠭᠡᠢ ᠬᠤᠯᠠ ᠤᠶᠢᠷ᠎ᠠ ᠶᠢᠨ ᠵᠢᠭᠤᠯᠴᠢᠯᠬᠠᠴᠢᠳ ᠤᠨ ᠬᠠᠷᠠᠭ᠎ᠠ ᠰᠤᠨᠤᠷ ᠢ ᠪᠠᠶᠠᠰᠬᠠᠵᠠᠢ      ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠭᠠᠵᠠᠷ ᠤᠷᠤᠨ ᠤ ᠪᠠᠨ ᠪᠤᠳᠠᠳᠤ ᠪᠠᠶᠢᠳᠡᠯ ᠳᠠᠭᠠᠨ ᠴᠢᠭᠯᠡᠭᠦᠯᠦᠨ ᠵᠢᠭᠤᠯᠴᠢᠯᠠᠯ ᠤᠨ ᠦᠢᠯᠡᠰ ᠢ ᠬᠦᠭᠵᠢᠭᠦᠯᠵᠦ᠂ ᠵᠢᠭᠤᠯᠴᠢᠯᠠᠯ ᠤᠨ ᠤᠷᠤᠯᠭ᠎ᠠ ᠪᠠᠨ ᠵᠢᠯ ᠢᠷᠡᠭᠦᠶ᠎ᠠ ᠨᠡᠮᠡᠭᠳᠡᠭᠦᠯᠵᠦ ᠪᠤᠢ᠃ ᠤᠨᠴᠠᠭᠠᠶᠢᠯᠠᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠰᠤᠮᠤ ᠦᠨᠳᠦᠰᠦᠳᠡᠨ ᠤ ᠤᠨᠴᠠᠯᠢᠭ ᠲᠠᠢ ᠰᠤᠶᠤᠯ ᠵᠢᠭᠤᠯᠴᠢᠯᠠᠯ ᠤᠨ ᠨᠡᠷᠡᠳᠥ ᠳᠡᠮᠳᠡᠭ ᠢ ᠡᠭᠦᠳᠴᠦ᠂ ᠵᠢᠭᠤᠴᠢᠯᠠᠬᠴᠢᠳ ᠲᠤ ᠳᠠᠯ᠎ᠠ ᠨᠤᠳᠤᠭ ᠤᠨ ᠰᠤᠶᠤᠯ ᠢ ᠪᠠᠶᠠᠴᠢᠯᠠᠨ ᠤᠶᠢᠯᠠᠭᠠᠭᠤᠯᠤᠭᠠᠳ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠦᠢᠯᠡᠰ ᠲᠤ ᠬᠦᠴᠦᠨ ᠨᠠᠮᠡᠷᠢᠯᠡᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号