ᠶᠠᠩ ᠶᠦᠩ ᠵᠢᠦ ᠳᠤᠯᠠᠭᠠᠯᠠᠬᠤ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠤᠷᠢᠳ ᠬᠤᠵᠢᠳ ᠸᠧᠨᠴᠢᠤᠸᠠᠨ ᠵᠡᠭᠡᠯᠢ᠂ ᠢᠷᠪᠢᠰ ᠭᠠᠵᠠᠷ ᠣᠷᠣᠨ᠂ ᠪᠠᠶ ᠯᠠᠩ ᠪᠠᠯᠭᠠᠰᠤ ᠵᠡᠷᠭᠡ ᠭᠠᠵᠠᠷ ᠢᠶᠠᠷ ᠬᠦᠷᠴᠦ ᠳᠤᠯᠠᠭᠠᠯᠠᠬᠤ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠬᠤᠸᠠ ᠷᠦᠨ ᠬᠦᠰᠡᠯᠡᠩᠳᠣ ᠵᠢᠵᠢᠭ ᠪᠠᠯᠭᠠᠰᠤ᠂ ᠪᠠᠶ ᠯᠠᠩ ᠤᠢ ᠶᠢᠨ ᠵᠠᠩ ᠦᠢᠯᠡ ᠶᠢᠨ ᠵᠢᠵᠢᠭ ᠪᠠᠯᠭᠠᠰᠤ ᠵᠡᠷᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠪᠡ᠃      ᠶᠠᠩ ᠶᠦᠩ ᠵᠢᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠥᠲᠥᠭᠡᠨ ᠪᠠᠶᠢᠭᠤᠯᠤᠯᠲᠠ ᠶᠢᠨ ᠨᠢᠭᠡᠴᠢ ᠪᠣᠯᠤᠨ ᠪᠠᠷᠢᠯᠭ᠎ᠠ ᠶᠢᠨ ᠠᠵᠤ ᠠᠬᠤᠶᠢᠯᠠᠯ ᠤᠨ ᠬᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠪᠠᠷᠢᠯᠭ᠎ᠠ ᠶᠢᠨ ᠴᠠᠭ  ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠬᠦᠨ ᠪᠠᠶᠢᠯᠳᠤᠭᠠᠨ ᠬᠢᠵᠦ᠂ ᠳᠤᠯᠠᠭᠠᠯᠠᠬᠤ ᠢᠨᠵᠧᠨᠧᠷᠢᠩ ᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠬᠡᠷᠡᠭᠲᠡᠶ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠩᠭᠢᠯᠠᠭ᠎ᠠ ᠶᠢᠨ ᠴᠡᠭ ᠤᠨ ᠤᠬᠠᠮᠰᠠᠷ ᠢᠶᠠᠨ ᠴᠢᠩᠭᠠᠳᠬᠠᠵᠤ᠂ ᠠᠵᠢᠯᠳᠠᠨ ᠤ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠨ᠂ ᠥᠭᠡᠷᠡᠴᠢᠯᠡᠨ ᠰᠠᠶᠢᠵᠢᠷᠠᠭᠤᠯᠬᠤ ᠶᠠᠰᠤ ᠴᠢᠨᠠᠷ ᠢ ᠴᠢᠬᠤᠯᠠᠴᠢᠯᠠᠵᠤ᠂ ᠠᠷᠠᠳ ᠤᠨ ᠰᠡᠳᠬᠢᠯ ᠤᠨ ᠢᠨᠵᠧᠨᠧᠷᠢᠩ ᠢ ᠦᠨᠡᠨ ᠬᠦ ᠰᠣᠳᠣᠨ ᠢᠨᠵᠧᠨᠧᠷᠢᠩ ᠪᠣᠯᠭᠠᠬᠤ ᠬᠡᠷᠡᠭᠲᠡᠢ᠃ ᠬᠤᠸᠠ ᠷᠦᠨ ᠬᠦᠰᠡᠯᠡᠩᠳᠣ ᠵᠢᠵᠢᠭ ᠪᠠᠯᠭᠠᠰᠤ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠢᠵᠢᠭ ᠪᠠᠯᠭᠠᠰᠤ ᠶᠢ ᠪᠠᠢ ᠯᠠᠩ ᠤᠢ ᠶᠢᠨ ᠵᠠᠩ ᠦᠢᠯᠡ ᠶᠢᠨ ᠦᠵᠡᠮᠵᠢ ᠶᠢᠨ ᠣᠷᠣᠨ ᠢ ᠪᠠᠶᠢᠭᠤᠯᠬᠤ᠂ ᠷᠠᠰᠢᠶᠠᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠬᠦ ᠲᠤᠯᠭᠠᠭᠤᠷᠢᠯᠠᠯ ᠤᠨ ᠬᠡᠪ ᠳᠠᠭᠤᠷᠢᠶᠠᠯ ᠤᠨ ᠲᠦᠷᠦᠯ ᠵᠦᠢᠯ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ ᠪᠠᠢ ᠯᠠᠩ ᠤᠢ ᠶᠢᠨ ᠵᠠᠩ ᠦᠢᠯᠡ ᠶᠢᠨ ᠵᠢᠵᠢᠭ ᠪᠠᠯᠭᠠᠰᠤᠨ ᠤ ᠲᠦᠷᠦᠯ ᠵᠦᠢᠯ ᠢ ᠲᠦᠷᠭᠡᠨ ᠠᠬᠢᠭᠤᠯᠵᠤ᠂ ᠤᠢ ᠶᠢᠨ ᠵᠠᠩ ᠦᠢᠯᠡ ᠶᠢᠨ ᠦᠵᠡᠮᠵᠢ ᠶᠢᠨ ᠣᠷᠣᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠣᠭ ᠲᠦᠷᠰᠣ ᠶᠢ ᠦᠯᠡᠳᠡᠭᠡᠭᠰᠡᠨ ᠰᠠᠭᠤᠷᠢᠨ ᠳᠡᠭᠡᠷ᠎ᠡ᠂ ᠭᠡᠷ ᠪᠠᠶᠢᠰᠢᠩ ᠢ ᠥᠭᠡᠷᠡᠴᠢᠯᠡᠬᠦ᠂ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠨᠠᠷᠢᠨ ᠵᠦᠢᠯᠡᠰ ᠤᠨ ᠵᠢᠷᠤᠭ ᠲᠥᠯᠥᠪᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠢᠵᠢᠭ ᠪᠠᠯᠭᠠᠰᠤᠨ ᠤ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠶᠠᠩ ᠶᠦᠩ ᠵᠢᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠢ ᠨᠢᠭᠲᠠ ᠠᠩᠬᠠᠷᠴᠤ᠂ ᠲᠥᠷᠥᠯ ᠵᠦᠢᠯ ᠤᠨ ᠬᠥᠳᠡᠯᠦᠯ ᠪᠠᠶᠢᠳᠠᠯ ᠢ ᠣᠨᠣᠪᠴᠢᠲᠠᠶ ᠡᠵᠡᠮᠰᠢᠵᠦ᠂ ᠪᠠᠷᠢᠯᠭ᠎ᠠ ᠶᠢᠨ ᠠᠮᠤᠷ ᠲᠦᠪᠰᠢᠨ ᠪᠠ ᠢᠨᠵᠧᠨᠧᠷᠢᠩ ᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠪᠣᠶ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢ ᠡᠷᠡᠰ ᠰᠠᠶᠢᠲᠤᠷ ᠪᠡᠶᠡᠯᠡᠭᠦᠯᠵᠦ᠂ ᠠᠵᠤ ᠠᠬᠤᠶ ᠶᠢᠨ ᠨᠡᠮᠡᠭᠳᠡᠯ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠣ ᠴᠢᠬᠤᠯᠠᠴᠢᠯᠡᠪᠡ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号