ᠬᠤᠲᠠ ᠶᠢᠨ ᠬᠢᠨᠠᠨ ᠪᠤᠳᠤᠬᠤ ᠲᠣᠪᠴᠢᠶ᠎ᠠ ︽ᠠᠰᠠᠷ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠳᠣᠯᠠᠵᠤ ᠲᠣᠬᠳᠡᠬᠰᠠᠨ ᠴᠠᠭ ᠲᠠᠭᠠᠨ ᠲᠤᠰᠢᠶᠠᠨ ᠦᠭᠬᠦ︾ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/8/30
     ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠦᠨᠡᠨ ᠬᠦ ᠪᠠᠳᠠᠷᠠᠭᠤᠯᠵᠤ᠂ ︽ᠠᠰᠠᠷ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠳᠣᠯᠠᠵᠤ ᠲᠣᠬᠳᠡᠬᠰᠠᠨ ᠴᠠᠭ ᠲᠠᠭᠠᠨ ᠲᠤᠰᠢᠶᠠᠨ ᠦᠭᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠷᠡᠰᠢᠶᠠᠨ ᠬᠤᠲᠠ ᠶᠢᠨ ᠬᠢᠨᠠᠨ ᠪᠤᠳᠤᠬᠤ ᠲᠣᠪᠴᠢᠶ᠎ᠠ ᠷᠠᠰᠢᠶᠠᠨ ᠬᠤᠲᠠ ᠶᠢᠨ ᠱᠧᠩ ᠢᠦᠶ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠤᠷ ᠢᠶᠠᠷ ᠭᠦᠨᠵᠡᠭᠡᠶᠢᠷᠡᠨ ︽ᠠᠰᠠᠷ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠳᠣᠯᠠᠵᠤ ᠲᠣᠬᠳᠡᠬᠰᠠᠨ ᠴᠠᠭ  ᠲᠠᠭᠠᠨ ᠲᠤᠰᠢᠶᠠᠨ ᠦᠭᠬᠦ︾ ᠲᠥᠷᠥᠯ ᠵᠦᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃      ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠱᠧᠩ ᠢᠦᠶ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠤᠷ ᠤᠨ ᠪᠠᠷᠢᠯᠭ᠎ᠠ ᠶᠢᠨ ᠠᠬᠢᠴᠠ᠂ ︽ᠠᠰᠠᠷ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠳᠣᠯᠠᠵᠤ ᠲᠣᠬᠳᠡᠬᠰᠠᠨ ᠴᠠᠭ ᠲᠠᠭᠠᠨ ᠲᠤᠰᠢᠶᠠᠨ ᠦᠭᠬᠦ︾ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ᠂ ᠪᠠᠯᠠ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠵᠢᠴᠢ ᠬᠢᠨᠠᠨ ᠪᠤᠳᠤᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠠᠩᠬᠠᠷᠪᠠ᠃ ᠪᠠᠷᠢᠯᠭ᠎ᠠ ᠶᠢᠨ ᠲᠠᠯ᠎ᠠ ᠶᠢᠨ ᠬᠢᠨ ︽ᠠᠰᠠᠷ ᠤᠨ ᠪᠠᠷᠢᠯᠭ᠎ᠠ ᠶᠢᠨ ᠴᠢᠨᠠᠷ ᠴᠢᠨᠰᠠᠭ᠎ᠠ ᠶᠢ ᠪᠠᠳᠣᠯᠠᠵᠤ ᠲᠣᠬᠳᠡᠬᠰᠠᠨ ᠴᠠᠭ  ᠲᠠᠭᠠᠨ ᠲᠤᠰᠢᠶᠠᠨ ᠦᠭᠬᠦ︾ ᠶᠢ ᠬᠡᠷᠡᠭᠯᠡᠬᠦ ᠵᠢᠭᠡᠯᠡᠯᠭᠡ ᠶᠢᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠵᠦ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠤᠨ᠂ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠵᠢᠯ ᠤᠨ ᠡᠴᠦᠰ ᠲᠤ ᠲᠣᠭᠲᠠᠭᠰᠠᠨ ᠲᠦᠷᠦᠯ ᠵᠦᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ ᠭᠡᠵᠦ ᠢᠯᠡᠳᠬᠡᠪᠡ᠃      ᠬᠠᠮᠤᠭ ᠰᠡᠭᠦᠯ ᠳᠤ᠂ ᠬᠤᠲᠠ ᠶᠢᠨ ᠬᠢᠨᠠᠨ ᠪᠤᠳᠤᠬᠤ ᠲᠣᠪᠴᠢᠶ᠎ᠠ ᠠᠴᠠ ᠠᠰᠠᠷ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠤᠷᠢᠶᠠᠨ ᠠᠪᠣᠬᠰᠠᠨ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢ ᠬᠢᠨᠠᠨ ᠬᠠᠮᠢᠶᠠᠷᠬᠤ ᠲᠠᠩᠰᠠᠨ ᠳᠤ ᠣᠷᠣᠭᠤᠯᠵᠣ᠂ ᠬᠢᠨᠠᠨ ᠬᠠᠮᠢᠶᠠᠷᠬᠤ ᠪᠠᠯᠠ ᠮᠥᠩᠭᠦ ᠶᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号