ᠡᠨᠡᠬᠦ ᠭᠡᠷᠡᠴᠢ ᠶᠢ ᠰᠦᠯᠵᠢᠶᠡᠨ ᠲᠡᠭᠡᠷ᠎ᠠ ᠬᠦᠢᠴᠡᠳᠬᠡᠵᠦ ᠪᠤᠯᠤᠨ᠎ᠠ
ᠨᠡᠶᠢᠲᠡᠯᠡᠭᠰᠡᠨ ᠴᠠᠭ᠄
2024/8/30
     8 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠤ ᠰᠠᠭᠤᠭᠠᠯᠢ ᠠᠷᠠᠳ ᠰᠦᠯᠵᠢᠶᠡᠨ ᠲᠡᠭᠡᠷ᠎ᠠ ᠬᠤᠪᠢ ᠬᠦᠮᠦᠨ ᠤ ᠬᠠᠦᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢᠨ ᠲᠠᠩᠰᠠ ᠦᠬᠡᠢ ᠭᠡᠷᠡᠴᠢ ᠶᠢ ᠭᠦᠢᠴᠡᠳᠬᠡᠵᠦ ᠪᠣᠯᠣᠨ᠎ᠠ᠃      ᠲᠣᠰ ᠤᠳᠠᠭ᠎ᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠢᠶ᠎ᠠ ᠪᠦᠬᠦᠢ ᠴᠠᠭᠳᠠᠭᠠᠨ ᠤ ᠲᠥᠷᠥᠯ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠳᠤ ᠲᠦᠰᠢᠭᠯᠡᠨ᠂ ᠶᠠᠯᠠᠲᠦ ᠠᠵᠢᠯᠯᠠᠭ᠎ᠠ ᠶᠢᠨ ᠲᠠᠩᠰᠠ ᠦᠬᠡᠢ ᠶᠢ ᠭᠡᠷᠡᠴᠢᠯᠡᠬᠦ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠴᠢᠳᠠᠮᠵᠢ ᠶᠢ ᠨᠡᠭᠡᠭᠡᠵᠦ᠂ ᠰᠠᠭᠤᠭᠠᠯᠢ ᠠᠷᠠᠳ ᠤᠨ ᠲᠣᠰ ᠬᠡᠷᠡᠭ ᠶᠠᠪᠤᠳᠠᠯ ᠢ ᠭᠦᠢᠴᠡᠳᠬᠡᠬᠦ ᠳᠤ ᠲᠥᠬᠦᠮ ᠦᠵᠡᠭᠦᠯᠪᠡ᠃      ᠰᠦᠯᠵᠢᠶᠡᠨ ᠳᠡᠭᠡᠷ᠎ᠡ ᠭᠠᠷᠭᠠᠭᠰᠠᠨ ᠡᠯᠧᠺᠲᠷᠣᠨ ᠬᠡᠪᠯᠡᠯ ᠤᠨ ︽ᠶᠠᠯᠠᠲᠦ ᠠᠵᠢᠯᠯᠠᠭ᠎ᠠ ᠶᠢᠨ ᠲᠠᠩᠰᠠ ᠦᠬᠡᠢ ᠭᠡᠷᠡᠴᠢ︾ ᠳᠤ ᠡᠯᠧᠺᠲᠷᠣᠨ ᠲᠠᠮᠠᠭ᠎ᠠ ᠲᠠᠷᠤᠵᠦ᠂ ᠴᠠᠭᠠᠰᠤᠨ ᠬᠡᠪᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号