ᠷᠡᠰᠢᠶᠠᠨ ᠬᠤᠳᠡ ᠶᠢᠨ ᠯᠢᠨ ᠬᠠᠢ ᠵᠡᠭᠡᠯᠢ ᠶᠢᠨ ᠦᠷᠨᠢᠬᠦᠯᠥᠭᠰᠠᠨ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ  ᠶᠢᠨ ᠠᠵᠢᠯᠯᠠᠭ᠎ᠠ ᠶᠢᠨ ᠲᠣᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2024/9/10
      ᠰᠢᠨ᠎ᠡ ᠪᠠᠶᠢᠳᠠᠯ ᠳᠣᠣᠷᠠᠬᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 5 ᠤ ᠡᠳᠦᠷ᠂ ᠷᠡᠰᠢᠶᠠᠨ ᠬᠤᠳᠡ ᠶᠢᠨ ᠯᠢᠨ ᠬᠠᠢ ᠵᠡᠭᠡᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠭᠠᠵᠢᠭᠤ ᠨᠣᠮᠯᠠᠯ ᠢ ᠡᠰᠡᠷᠭᠦᠴᠡᠵᠦ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ︾ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃      ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ︽ᠨᠡᠶᠢᠯᠡᠮᠡᠯ ᠮᠠᠶ᠋ᠢᠭ︾ ᠤᠨ ᠤᠬᠠᠭᠤᠯᠭ᠎ᠠ ᠶᠢᠨ ᠵᠠᠭᠪᠤᠷ ᠢ ᠠᠰᠢᠭᠯᠠᠨ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠪᠡ᠃ ᠰᠦᠯᠵᠢᠶᠡᠨ ᠳᠡᠭᠡᠷ᠎ᠡ᠂ ᠰᠠᠭᠤᠭᠠᠯᠢ ᠠᠷᠠᠳ ᠤᠨ ᠸᠢᠴᠠᠲ ᠤᠨ ᠪᠦᠯᠦᠭ᠂ ᠣᠯᠠᠨ ᠨᠡᠶᠢᠲᠡ ᠶᠢᠨ ᠳ᠋ᠤᠭᠠᠷ ᠵᠡᠷᠭᠡ ᠨᠡᠶᠢᠭᠡᠮ ᠤᠨ ᠬᠠᠷᠢᠯᠴᠠᠭᠠᠨ ᠤ ᠲᠠᠪᠴᠠᠩ ᠢ ᠭᠦᠢᠴᠡᠳ ᠠᠰᠢᠭᠯᠠᠨ ᠡᠯ᠎ᠡ ᠮᠡᠳᠡᠭᠡ ᠵᠠᠩᠭᠢ ᠶᠢᠨ ᠲᠠᠪᠴᠠᠩ ᠳᠤ ᠳᠠᠮᠵᠢᠭᠤᠯᠤᠨ ᠲᠠᠷᠬᠠᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠣᠯᠠᠨ ᠲᠦᠮᠡᠨ ᠳᠤ ᠭᠦᠨᠵᠡᠭᠡᠶ ᠣᠶᠢᠯᠠᠭᠠᠭᠤᠯᠵᠤ᠂ ᠣᠯᠠᠨ ᠲᠦᠮᠡᠨ ᠳᠤ ᠭᠠᠵᠢᠭᠤ ᠨᠣᠮᠯᠠᠯ ᠤᠨ ᠮᠥᠨ ᠴᠢᠨᠠᠷ ᠵᠢᠴᠢ ᠬᠤᠪᠢ ᠬᠥᠮᠦᠨ᠂ ᠬᠡᠷ ᠪᠦᠯᠢ᠂ ᠨᠡᠶᠢᠭᠡᠮ ᠳᠤ ᠦᠵᠡᠭᠦᠯᠬᠦ ᠬᠤᠤᠷ ᠬᠥᠨᠥᠭᠡᠯ ᠢ ᠭᠦᠨᠵᠡᠭᠡᠶ ᠣᠶᠢᠯᠠᠭᠠᠭᠤᠯᠪᠠ᠃ ᠰᠦᠯᠵᠢᠶᠡᠨ ᠭᠠᠳᠠᠨ᠎ᠠ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠭᠠᠵᠢᠭᠤ ᠨᠣᠮᠯᠠᠯ ᠤᠨ ᠬᠤᠤᠷ ᠬᠥᠨᠥᠭᠡᠯ ᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠭᠠᠵᠢᠭᠤ ᠨᠣᠮᠯᠠᠯ ᠢ ᠡᠰᠡᠷᠭᠦᠴᠡᠬᠦ᠂ ᠭᠠᠵᠢᠭᠤ ᠨᠣᠮᠯᠠᠯ ᠠᠴᠠ ᠵᠠᠶᠢᠳᠠᠬᠤ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠨᠠᠩ ᠰᠢᠭᠤᠳ ᠲᠠᠨᠢᠭᠤᠯᠪᠠ᠃ ᠡᠭᠦᠨ ᠤ ᠬᠠᠮᠲᠤ ᠰᠠᠶᠢᠨ ᠳᠤᠷ᠎ᠠ ᠶᠢᠨ ᠣᠶᠢᠯᠡᠴᠢᠯᠡᠭᠴᠢ᠂ ᠲᠣᠣᠷᠵᠢᠭᠤᠯᠣᠬᠴᠢ᠂ ᠬᠠᠤᠯᠢ ᠴᠠᠭᠠᠵᠠ ᠶᠢ ᠣᠶᠢᠯᠠᠭᠠᠬᠤ ᠬᠥᠮᠦᠰ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠳᠤᠷ᠎ᠠ ᠶᠢᠨ ᠣᠶᠢᠯᠡᠴᠢᠯᠡᠭᠴᠢ ᠶᠢᠨ ᠡᠩᠨᠡᠭᠡᠨ ᠳᠤ ᠣᠷᠣᠯᠴᠠᠭᠤᠯᠵᠤ᠂ ᠠᠶᠢᠯ ᠡᠷᠦᠬᠡ ᠪᠠᠷ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠬᠢᠯᠪᠠᠷ ᠣᠶᠢᠯᠠᠭᠠᠮᠵᠢᠲᠠᠶ ᠦᠭᠡ ᠬᠡᠯᠡ᠂ ᠦᠨᠡᠨ ᠪᠣᠳᠠᠲᠠᠶ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠᠷ ᠬᠠᠷᠢᠶ᠎ᠠ ᠣᠷᠣᠨ ᠤ ᠳᠣᠲᠣᠷᠠᠬᠢ ᠭᠠᠭᠴᠠᠭᠠᠷ ᠰᠠᠭᠤᠭ᠎ᠠ ᠨᠠᠰᠤᠲᠠᠨ᠂ ᠡᠮᠡᠭᠲᠡᠶᠢᠴᠦᠳ ᠬᠡᠤᠬᠡᠳ᠂ ᠭᠡᠷ ᠪᠦᠯᠢ ᠶᠢᠨ ᠬᠦᠴᠢᠷᠳᠡᠯ ᠲᠠᠢ ᠵᠡᠷᠭᠡ ᠪᠠᠭᠤᠷᠠᠶᠢᠴᠤᠤᠯ ᠳᠤ ᠭᠤᠤᠯᠳᠠᠯᠭ᠎ᠠ ᠲᠠᠢ ᠴᠢᠭᠯᠡᠭᠦᠯᠦᠨ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠨᠠᠷᠢᠯᠢᠭ ᠣᠨᠣᠴᠠᠲᠠᠶ ᠤᠬᠠᠭᠤᠯᠭ᠎ᠠ ᠬᠥᠮᠦᠵᠢᠯ ᠬᠢᠵᠦ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠥᠮᠦᠨ ᠲᠥᠷᠥᠯᠬᠢᠲᠡᠨ ᠢ ᠡᠰᠡᠷᠭᠦᠴᠡᠬᠦ᠂ ᠨᠡᠶᠢᠭᠡᠮ ᠢ ᠡᠰᠡᠷᠭᠦᠴᠡᠬᠦ᠂ ᠰᠢᠨᠵᠢᠯᠡᠬᠦ ᠤᠬᠠᠭᠠᠨ ᠢ ᠡᠰᠡᠷᠭᠦᠴᠡᠬᠦ ᠦᠨᠡᠨ ᠪᠣᠳᠠᠲᠠᠶ ᠪᠠᠶᠢᠳᠠᠯ ᠢ ᠭᠦᠨᠵᠡᠭᠡᠶ ᠢᠯᠡᠴᠢᠯᠡᠬᠦ ᠶᠢᠨ ᠬᠠᠮᠲᠤ ᠤᠯᠠᠨ ᠢ ᠵᠣᠷᠢᠭᠵᠢᠭᠤᠯᠤᠨ ᠭᠠᠵᠢᠭᠤ ᠨᠣᠮᠯᠠᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠢᠯᠡᠴᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠬᠢᠯᠡᠯᠲᠡ ᠶᠢ ᠪᠠᠲᠤ ᠴᠣᠭᠴᠠᠯᠠᠪᠡ᠃      ᠳᠠᠷᠠᠭᠠᠴᠢ ᠶᠢᠨ ᠠᠯᠬᠤᠮ ᠳᠤ᠂ ᠯᠢᠨ ᠬᠠᠢ ᠵᠡᠭᠡᠯᠢ ᠶᠢᠨ ᠬᠢᠨ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠭᠠᠵᠢᠭᠤ ᠨᠣᠮᠯᠠᠯ ᠦᠭᠡᠢ᠂ ᠡᠪ ᠨᠥᠬᠦᠷᠰᠡᠭ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠡᠰᠡᠷᠭᠦᠴᠡᠬᠦ ᠦᠵᠡᠯ ᠰᠠᠨᠠᠭᠠᠨ ᠤ ︽ᠬᠠᠮᠠᠭᠠᠯᠠᠯᠲᠠ ᠶᠢᠨ ᠬᠡᠷᠡᠮ︾ ᠢ ᠤᠯᠠᠮ ᠴᠢᠨᠠᠭᠰᠢᠳᠠ ᠪᠠᠬᠢᠵᠢᠭᠦᠯᠤᠨ᠎ᠠ᠃
 
ᠢᠷᠡᠯᠲᠡ᠄ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号