ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/9/10
     ᠡᠮᠡᠭᠲᠡᠶᠢᠴᠦᠳ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 3 ᠤ ᠡᠳᠦᠷ᠂  ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ︽ᠡᠮᠡᠭᠲᠡᠢ ᠬᠥᠮᠥᠨ ᠪᠣᠯᠣᠭᠰᠠᠨ ᠤ ᠬᠤᠪᠢ ᠳᠤ ᠭᠡᠷ ᠪᠦᠯᠢ ᠶᠢᠨ ᠬᠦᠴᠦᠷᠬᠡᠭᠯᠡᠯ ᠳᠤ ᠲᠤᠯᠭᠠᠷᠠᠪᠠᠯ ᠶᠠᠭᠠᠬᠢᠬᠤ ᠪᠤᠢ︖︾  ︽ᠭᠡᠷ ᠤᠨ ᠠᠬᠠᠮᠠᠳ ᠪᠣᠯᠤᠭᠰᠠᠨ ᠤ ᠬᠤᠪᠢ ᠳᠤ ᠬᠡᠦᠬᠡᠳ ᠢ ᠳᠣᠷᠣᠮᠵᠢᠯᠠᠬᠤ ᠶᠠᠪᠤᠳᠠᠯ ᠭᠠᠷᠪᠠᠯ ᠶᠠᠭᠠᠬᠢᠬᠤ ᠪᠤᠢ︖︾ ᠰᠠᠭᠤᠭᠠᠯᠢ ᠠᠷᠠᠳ ᠤᠨ ᠲᠣᠭᠤᠷᠢᠭ ᠤᠨ ᠠᠵᠢᠯᠯᠠᠭᠠᠨ ᠤ ᠠᠭᠤᠳᠠᠮ ᠲᠠᠯᠠᠪᠠᠶ ᠳᠤ᠂ ᠨᠡᠶᠢᠭᠡᠮ ᠲᠣᠭᠤᠷᠢᠭ ᠤᠨ ︽ᠠᠮᠤᠷ ᠠᠮᠤᠭᠤᠯᠠᠩ ᠡᠵᠢ︾ ᠤᠨ ᠬᠢᠨ ᠡᠮᠡᠭᠲᠡᠶᠢᠴᠦᠳ ᠲᠤ ᠡᠮᠡᠭᠲᠡᠶᠢᠴᠦᠳ ᠪᠡ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠬᠦ ᠶᠢᠨ ᠬᠠᠮᠲᠤ᠂ ᠰᠠᠭᠤᠭᠠᠯᠢ ᠠᠷᠠᠳ ᠲᠤ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠤᠭᠤᠲᠠ ᠲᠠᠷᠬᠠᠭᠠᠵᠤ᠂ ᠥᠷᠭᠡᠨ ᠣᠯᠠᠨ ᠡᠮᠡᠭᠲᠡᠶᠢᠴᠦᠳ ᠢ ᠬᠠᠪᠰᠤᠷᠤᠨ ᠬᠠᠤᠯᠢ ᠴᠠᠭᠠᠵᠠ ᠶᠢᠨ ᠤᠬᠠᠮᠰᠠᠷ ᠢ ᠨᠢ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠢ ᠲᠠᠶᠢᠴᠢᠯᠡᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠦᠪᠡᠷ ᠤᠨ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠶᠢ ᠰᠠᠨᠠᠭᠤᠯᠪᠡ᠃      ᠲᠣᠰ ᠤᠳᠠᠭᠠᠨ ᠤ ᠠᠵᠢᠯᠯᠠᠭ᠎ᠠ ᠳᠤ᠂ ᠨᠡᠶᠢᠲᠡ 12 ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠤᠬᠠᠭᠤᠯᠭ᠎ᠠ ᠶᠢᠨ ᠤᠭᠤᠲᠠ ᠲᠠᠷᠬᠠᠭᠠᠵᠤ᠂ ᠵᠣᠷᠢᠯᠭ᠎ᠠ ᠨᠢ ᠬᠠᠷᠢᠶ᠎ᠠ ᠣᠷᠣᠨ ᠤ ᠥᠷᠭᠡᠨ ᠣᠯᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠬᠡᠪ ᠴᠢᠨᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷ ᠪᠦᠯᠢ ᠶᠢᠨ ᠪᠣᠯᠪᠠᠰᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠥᠯᠥᠭᠡ ᠶᠤᠮ᠃  
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号