ᠷᠡᠰᠢᠶᠠᠨ ᠬᠤᠳᠡ ᠶᠢᠨ ᠰᠢᠨ ᠴᠸᠡᠭ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠰᠢ  ᠵᠦᠴᠣᠭᠡ ᠶᠢᠨ ᠲᠣᠭᠯᠠᠯᠲᠠ ᠭᠠᠷᠭᠠᠪᠡ
ᠨᠡᠶᠢᠲᠡᠯᠡᠭᠰᠡᠨ ᠴᠠᠭ᠄
2024/9/10
     ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠣᠨ ᠂ ᠤᠯᠠᠮᠵᠢᠯᠠᠯᠲᠤ ᠰᠢ ᠵᠦᠴᠣᠭᠡ ᠶᠢᠨ ᠰᠣᠶᠣᠯ ᠢ ᠪᠠᠳᠠᠷᠠᠭᠤᠯᠵᠤ ᠣᠳᠣ ᠦᠶ᠎ᠡ ᠶᠢᠨ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠬᠦᠯᠬᠦ ᠶᠢᠨ ᠲᠥᠯᠥᠭᠡ  ᠂ 9 ᠰᠠᠷ᠎ᠠ ᠶᠢᠨ 3 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ  ᠨᠡᠶᠢᠭᠡᠮ ᠲᠣᠭᠤᠷᠢᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠲᠠᠢ ᠬᠠᠮᠲᠤᠷᠠᠨ ︽ᠰᠢ ᠵᠦᠴᠣᠭᠡ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠰᠣᠶᠣᠯ ᠢᠶᠠᠷ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃      ᠲᠣᠰ ᠣᠳᠡᠭᠠᠨ ᠤ ᠲᠣᠭᠯᠠᠯᠲᠠ ᠨᠢ ︽ᠮᠣᠩᠭᠤᠯ ᠬᠡᠦᠬᠡᠨᠴᠤᠳ︾ ᠭᠡᠬᠦ ᠲᠣᠬᠯᠠᠯᠳᠡ ᠪᠠᠷ ᠬᠥᠰᠢᠭᠡ ᠪᠠᠨ ᠰᠡᠬᠦᠵᠦ᠂ ︽ ᠵᠠᠯᠠᠭᠤ ᠠᠳᠤᠭᠤᠴᠢᠨ︾᠂ ︽ᠲᠠᠯ᠎ᠠ ᠨᠤᠲᠤᠭ ᠤᠨ ᠳᠤᠮᠳᠠᠳᠤ ᠶᠢᠨ ᠵᠡᠭᠦᠳᠦ︾ ᠵᠡᠷᠭᠡ ᠲᠣᠭᠯᠠᠯᠲᠠ ᠨᠢ ᠰᠦᠷ ᠵᠢᠪᠬᠤᠭ᠎ᠠ ᠲᠠᠢ ᠪᠠᠷ ᠶᠠᠪᠤᠭᠳᠠᠵᠤ᠂ ᠦᠵᠡᠭᠴᠢᠳ ᠤᠨ ᠨᠢᠵᠢᠭᠢᠨᠡᠲᠡᠯ᠎ᠡ ᠠᠯᠠᠭ᠎ᠠ ᠲᠠᠰᠢᠯᠳᠡ ᠶᠢ ᠣᠯᠵᠣ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠦᠭᠵᠢᠶᠠᠨ ᠲᠠᠢ ᠪᠠᠶᠢᠯ᠎ᠠ᠃ ᠲᠣᠭᠯᠠᠭᠴᠢᠳ ᠤᠨ ᠲᠣᠭᠯᠠᠯᠲᠠ ᠶᠢᠨ ᠤᠷ᠎ᠠ ᠮᠡᠷᠭᠡᠵᠢᠯ᠂ ᠲᠠᠭᠤᠨ ᠬᠤᠭᠤᠯᠠᠢ ᠨᠢ ᠰᠢ ᠵᠦᠴᠣᠭᠡ ᠶᠢᠨ ᠥᠯᠢᠭᠡᠷ ᠢ ᠪᠦᠷᠢᠨ ᠲᠡᠭᠦᠯᠳᠡᠷ ᠳᠡᠯᠭᠡᠷᠡᠭᠦᠯᠵᠦ᠂ ᠰᠠᠭᠤᠭᠠᠯᠢ ᠠᠷᠠᠳ ᠤᠨ ᠬᠠᠯᠠᠭᠤᠨ ᠠᠯᠠᠭ᠎ᠠ ᠲᠠᠰᠢᠯᠳᠠ ᠶᠢ ᠣᠯᠵᠤ᠂ ᠰᠠᠭᠤᠭᠠᠯᠢ ᠠᠷᠠᠳ ᠲᠤ ᠰᠢ ᠵᠦᠴᠣᠭᠡ ᠶᠢᠨ ᠦᠪᠡᠳᠡᠭᠰᠢ ᠨᠠᠶᠢᠷ ᠢ ᠦᠨᠡᠨ ᠬᠦ ᠬᠦᠷᠲᠡᠭᠡᠭᠰᠡᠨ ᠪᠠᠶᠢᠨ᠎ᠠ᠃      ᠰᠠᠭᠤᠭᠠᠯᠢ ᠠᠷᠠᠳ ᠸᠠᠩ ᠠᠨᠢᠶ᠎ᠠ ᠪᠠᠶᠠᠷᠯᠠᠨ ᠲᠣᠬᠳᠣᠯᠵᠣ᠂  ᠬᠥᠭᠵᠢᠮ ᠤᠨ ᠠᠶ᠎ᠠ ᠶᠢ ᠲᠠᠭᠠᠨ ᠳᠠᠭᠤᠯᠠᠵᠤ ᠪᠠᠶᠢᠨ᠎ᠠ᠃ ︽ᠡᠶᠢᠮᠦᠷᠬᠦ ᠰᠢ ᠵᠦᠴᠣᠭᠡ ᠶᠢ ᠨᠡᠶᠢᠭᠡᠮ ᠲᠣᠭᠤᠷᠢᠭ ᠲᠤ ᠬᠦᠷᠭᠡᠬᠦ ᠠᠵᠢᠯᠯᠠᠭ᠎ᠠ ᠮᠠᠰᠢ ᠰᠠᠶᠢᠨ᠂ ᠪᠢᠳᠡᠨ ᠤ ᠵᠤᠭ᠎ᠠ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠪᠠ᠂ ᠪᠢᠳᠡ ᠮᠠᠰᠢ ᠵᠣᠯ ᠵᠢᠷᠭᠠᠯ ᠲᠠᠢ ᠰᠠᠨᠠᠭᠳᠠᠨ᠎ᠠ︾ ᠭᠡᠵᠦ ᠬᠡᠯᠡᠪᠡ᠃ ᠯᠢᠦ ᠠᠨᠢᠶ᠎ᠠ ᠪᠠᠰᠠ᠄ ︽ᠤᠳᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ᠂ ᠮᠠᠨ ᠤ ᠨᠠᠰᠤᠲᠠᠶᠢᠴᠤᠳ ᠲᠤ ᠭᠡᠷ ᠤᠨ ᠡᠭᠦᠳᠡᠨ ᠳᠤ ᠰᠢ ᠵᠦᠴᠣᠭᠡ ᠦᠵᠡᠬᠦᠯᠵᠣ ᠪᠣᠢ᠃ ᠡᠶᠢᠮᠣᠷᠬᠦᠣ ᠬᠥᠳᠡᠯᠭᠡᠭᠡᠨ ᠢ ᠢᠯᠡᠭᠦᠬᠡᠨ ᠡᠷᠬᠢᠯᠡᠵᠦ ᠣᠯᠠᠨ ᠤ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠬᠤ ᠶᠢ ᠬᠦᠰᠡᠵᠦ ᠪᠠᠶᠢᠨ᠎ᠠ᠃ ᠪᠢ ᠪᠠᠰᠠ ᠠᠯᠢᠪᠠ ᠨᠡᠶᠢᠭᠡᠮ ᠲᠣᠭᠤᠷᠢᠭ ᠤᠨ ᠵᠡᠷᠭᠡᠯᠡᠳᠡᠭᠡ ᠠᠶᠢᠯ ᠪᠦᠬᠦᠨ ᠪᠦᠷ ᠡᠶᠢᠮᠣ ᠠᠵᠢᠯᠯᠠᠭ᠎ᠠ ᠳᠤ ᠣᠷᠣᠯᠴᠠᠬᠤ ᠶᠢ ᠬᠦᠰᠡᠵᠦ ᠪᠠᠶᠢᠨ᠎ᠠ︾ ᠭᠡᠪᠡ᠃      ᠲᠣᠰ ᠤᠳᠠᠭᠠᠨ ᠤ ᠠᠵᠢᠯᠯᠠᠭ᠎ᠠ ᠨᠢ ᠰᠢ ᠵᠦᠴᠣᠭᠡ ᠶᠢᠨ ᠳᠤᠷ᠎ᠠ ᠪᠠᠭ᠋ᠠᠲᠠᠶ᠂ ᠨᠡᠶᠢᠭᠡᠮ ᠲᠣᠭᠤᠷᠢᠭ ᠤᠨ 40 ᠭᠠᠷᠤᠶ ᠰᠠᠭᠤᠭᠠᠯᠢ ᠠᠷᠠᠳ ᠢ ᠲᠠᠲᠠᠵᠤ ᠠᠪᠴᠢᠷᠠᠪᠠ᠂ ᠰᠧᠨᠸᠠᠩ ᠨᠡᠶᠢᠭᠡᠮ ᠲᠣᠭᠤᠷᠢᠭ ᠰᠢ ᠵᠦᠴᠣᠭᠡ ᠶᠢᠨ ᠤᠷᠠᠯᠢᠭ ᠤᠨ ᠤᠯᠠᠮᠵᠢᠯᠠᠯ ᠪᠠ ᠬᠥᠭᠵᠢᠯᠲᠡ ᠶᠢ ᠲᠦᠢᠯ ᠢᠶᠠᠷ ᠴᠢᠬᠤᠯᠠᠴᠢᠯᠠᠭᠰᠠᠭᠠᠷ ᠢᠷᠡᠵᠡᠶ᠂ ᠠᠯᠢ ᠣᠯᠠᠨ ᠰᠣᠶᠣᠯ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠪᠣᠯᠪᠠᠰᠤᠨ᠂ ᠡᠶ᠎ᠡ ᠵᠣᠬᠢᠴᠠᠩᠭᠤᠶ᠂ ᠪᠠᠶᠠᠷ ᠬᠥᠷ ᠲᠠᠢ ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠰᠠᠭᠤᠭᠠᠯᠢ ᠠᠷᠠᠳ ᠣᠯᠠᠨ ᠳᠤ ᠤᠯᠠᠮᠵᠢᠯᠠᠯᠲᠤ ᠰᠢ ᠵᠦᠴᠣᠭᠡ ᠶᠢᠨ ᠷᠢᠳᠢ ᠰᠢᠳᠢ ᠶᠢ ᠡᠳ᠋ᠯᠡᠭᠦᠯᠬᠦ ᠶᠢᠨ ᠬᠠᠮᠲᠤ ᠪᠠᠰᠠ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠮᠦᠰ ᠲᠤ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ︾ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠵᠡᠶ᠃ ᠬᠤᠶᠢᠰᠢᠳᠠ ᠪᠢᠳᠡ ᠣᠯᠠᠨ ᠶᠠᠩᠵᠤ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠭᠦᠢᠴᠡᠳ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠬᠠᠮᠲᠤ᠂ ᠨᠡᠶᠢᠭᠡᠮ ᠲᠣᠭᠤᠷᠢᠭ ᠤᠨ ᠶᠡᠭᠡ ᠬᠡᠷ ᠪᠦᠯᠢ ᠶᠢᠨ ᠬᠦᠴᠦᠨ ᠢ ᠨᠢᠭᠲᠠᠷᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠤᠨ᠎ᠠ᠃
 
ᠢᠷᠡᠯᠲᠡ᠄ ᠰᠢᠨ ᠴᠸᠡᠭ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号