ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ᠤᠨ ᠨᠡᠭᠦᠳᠡᠯ ᠰᠠᠭᠤᠭᠠᠯᠢ ᠠᠷᠠᠳ ᠤᠨ ᠵᠥᠪᠯᠡᠯ ᠠᠷᠠᠳ ᠤᠨ ᠵᠣᠪᠠᠨᠢᠯ ᠢ ᠠᠷᠢᠯᠭᠠᠵᠤ ᠠᠷᠠᠳ ᠲᠤ ᠠᠰᠢᠭ ᠬᠦᠷᠲᠡᠭᠡᠵᠦ ᠠᠷᠡᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/9/10
      ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠣ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ᠤᠨ ᠬᠢᠨ ᠨᠡᠭᠦᠳᠡᠯ ᠰᠠᠭᠤᠭᠠᠯᠢ ᠠᠷᠠᠳ ᠤᠨ ᠵᠥᠪᠯᠡᠯ ᠠᠵᠢᠯ ᠤᠨ ᠠᠷᠭ᠎ᠠ  ᠬᠡᠮᠵᠢᠶ᠎ᠠ ᠠᠪᠴᠤ᠂ ᠨᠠᠷᠢᠨ ᠨᠢᠮᠪᠠᠢ ᠦᠢᠯᠡᠴᠢᠯᠡᠬᠦ ᠪᠠᠷ ᠳᠠᠮᠵᠢᠭᠤᠯᠵᠤ᠂ ᠤᠯᠠᠨ ᠲᠦᠮᠡᠨ ᠳᠤ ᠲᠤᠯᠭᠠᠷᠠᠵᠤ ᠪᠠᠶᠢᠭ᠎ᠠ ︽ᠪᠠᠴᠢᠮᠳᠡᠵᠣ᠂ ᠲᠦᠪᠡᠭᠳᠡᠵᠣ᠂ ᠵᠣᠪᠠᠨᠢᠵᠤ᠂ ᠬᠦᠰᠡᠵᠣ︾ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃      ᠲᠢᠶᠠᠨ ᡂᠢ ᠬᠠᠷᠢᠶ᠎ᠠ ᠣᠷᠣᠨ ᠤ ᠭᠤᠣᠯ ᠵᠠᠮ ᠪᠠᠶᠢᠭᠤᠯᠤᠭᠰᠠᠨ ᠴᠠᠭ ᠨᠢ ᠨᠡᠯᠢᠶᠡᠳ ᠡᠷᠲᠡ ᠪᠥᠭᠡᠳ ᠤᠳᠠᠭᠠᠨ ᠵᠢᠯ ᠵᠠᠰᠠᠭᠰᠠᠨ ᠦᠭᠡᠢ ᠠᠴᠠ ᠪᠣᠯᠵᠤ᠂ ᠵᠠᠮ ᠤᠨ ᠪᠠᠶᠢᠳᠠᠯ ᠨᠢ ᠮᠠᠭᠤ᠂ ᠡᠩᠬᠦᠯ ᠳᠤᠩᠬᠤᠯ᠂ ᠪᠣᠷᠣᠭᠠᠨ ᠲᠠᠢ ᠡᠳᠦᠷ ᠰᠢᠪᠠᠷ ᠱᠠᠯᠴᠢᠭ ᠤᠰᠤ ᠬᠤᠷᠠᠵᠤ᠂ ᠲᠤᠩᠭᠠᠯᠠᠭ ᠡᠳᠦᠷ ᠲᠣᠭᠤᠰᠣ ᠰᠢᠷᠣᠢ ᠲᠡᠭᠳᠡᠵᠣ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠲᠦᠢᠯ ᠤᠨ ᠳᠥᠭᠦᠮ ᠦᠭᠡᠢ ᠪᠣᠯᠵᠤ᠂ ᠵᠤᠭᠠᠴᠠᠭᠰᠠᠳ ᠤᠨ ᠵᠢᠭᠤᠯᠴᠢᠯᠠᠯ ᠤᠨ ᠣᠶᠢᠯᠠᠭᠠᠯᠲᠠ ᠶᠢ ᠨᠥᠯᠥᠭᠡᠯᠡᠵᠦ ᠪᠠᠶᠢᠯ᠎ᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠠᠴᠠ ᠪᠠᠯᠭᠠᠰᠤᠨ ᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ  ᠶᠢᠨ ᠬᠠᠷᠢᠭᠤᠴᠠᠯᠭᠠᠳᠡᠨ ᠢ ᠤᠷᠢᠵᠤ ᠬᠠᠷᠢᠶ᠎ᠠ ᠣᠷᠣᠨ ᠢᠶᠠᠷ ᠬᠦᠷᠴᠦ᠂ ᠰᠠᠭᠤᠭᠠᠯᠢ ᠠᠷᠠᠳ ᠲᠠᠢ ᠬᠠᠮᠲᠤ ᠰᠡᠳᠬᠢᠯ ᠰᠠᠨᠠᠭ᠎ᠠ ᠪᠠᠨ ᠨᠢᠭᠡᠳᠬᠡᠨ ᠶᠠᠷᠢᠯᠴᠠᠬᠤ ᠬᠤᠷᠠᠯ ᠬᠢᠵᠦ᠂ ᠰᠠᠭᠤᠭᠠᠯᠢ ᠠᠷᠠᠳ ᠤᠨ ᠦᠨᠡᠨ ᠪᠣᠳᠠᠲᠠᠶ ᠪᠣᠳᠣᠯ ᠢ ᠰᠣᠨᠣᠰᠴᠤ᠂ ᠰᠡᠯᠪᠢᠨ ᠵᠠᠰᠠᠬᠤ ᠲᠥᠰᠦᠯ ᠢ ᠲᠣᠭᠲᠠᠭᠠᠪᠠ᠃      ᠳᠠᠷᠠᠭᠠᠴᠢ ᠶᠢᠨ ᠠᠯᠬᠤᠮ ᠳᠤ᠂ ᠲᠢᠶᠠᠨ ᡂᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠲᠤ ᠳᠣᠲᠣᠨᠣ ᠦᠢᠯᠡᠴᠢᠯᠡᠭᠡ ᠬᠠᠩᠭᠠᠵᠤ᠂ ᠤᠯᠠᠨ ᠲᠦᠮᠡᠨ ᠤ ᠪᠠᠴᠢᠮᠳᠡᠵᠣ ᠲᠦᠪᠡᠭᠳᠡᠵᠣ ᠵᠣᠪᠠᠨᠢᠵᠣ ᠪᠠᠶᠢᠭ᠎ᠠ ᠠᠰᠠᠭᠤᠳᠡᠯ ᠢ ᠤᠷᠢᠳᠠᠪᠠᠷ ᠰᠢᠢᠳᠪᠦᠷᠢᠯᠡᠵᠦ᠂ ᠨᠠᠷᠢᠨ ᠨᠢᠮᠪᠠᠢ ᠦᠢᠯᠡᠴᠢᠯᠡᠬᠦ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号