ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠰᠦᠯᠵᠢᠶ᠎ᠡ ︽2023 ᠣᠨ ᠤ ᠠᠷᠠᠳ ᠤᠨ | ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ︵︽ᠠᠯᠪᠠᠨ ᠮᠡᠳᠡᠭᠡ︾ ᠭᠡᠵᠦ | ᠲᠣᠪᠴᠢᠯᠠᠨ᠎ᠠ︶ ᠶᠢ ᠨᠡᠶᠢᠲᠡᠯᠡᠪᠡ᠃ | ︽ᠠᠯᠪᠠᠨ ᠮᠡᠳᠡᠭᠡ︾ ᠳᠤ ᠨᠡᠶᠢᠲᠡᠯᠡᠭᠰᠡᠨ ᠢᠶᠠᠷ᠂ 2023 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ | ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠥᠨ ᠠᠮᠠ 29697 ᠲᠦᠮᠡ ᠳᠤ | ᠬᠦᠷᠴᠦ᠂ ᠪᠥᠬᠦ ᠬᠥᠮᠥᠨ ᠠᠮᠠ ᠶᠢᠨ 21.1% ᠶᠢ ᠡᠵᠡᠯᠡᠪᠡ᠃ ᠡᠭᠦᠨ ᠳᠤ ᠪᠦᠬᠦᠯᠢ 65 ᠨᠠᠰᠤ ᠵᠢᠴᠢ | ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠥᠨ ᠠᠮᠠ 21676 ᠲᠦᠮᠡ ᠪᠠᠶᠢᠵᠤ᠂ ᠪᠥᠬᠦ ᠬᠥᠮᠥᠨ | ᠠᠮᠠ ᠶᠢᠨ 15.4% ᠶᠢ ᠡᠵᠡᠯᠡᠪᠡ᠃ 2023 ᠣᠨ ᠤ ᠡᠴᠦᠰ ᠪᠣᠯᠲᠠᠯ᠎ᠠ᠂ ᠪᠥᠬᠦ ᠤᠯᠤᠰ ᠲᠤ ᠨᠡᠶᠢᠲᠡ 4334. | 4 ᠲᠦᠮᠡᠨ ᠨᠠᠰᠤᠲᠠᠶᠢᠴᠤᠳ᠂ ᠨᠠᠰᠤᠲᠠᠶᠢᠴᠤᠳ ᠤᠨ ᠨᠥᠬᠦᠪᠦᠷᠢ ᠭᠥᠷᠳᠡᠵᠦ ᠪᠠᠶᠢᠨ᠎ᠠ᠂ ᠡᠭᠦᠨ ᠳᠤ ᠥᠨᠳᠥᠷ | ᠨᠠᠰᠤᠨ ᠤ ᠨᠡᠮᠡᠭᠦᠷᠢ ᠭᠥᠷᠳᠡᠭᠰᠡᠨ ᠨᠠᠰᠤᠲᠠᠶᠢᠴᠤᠳ 3547.8 ᠲᠦᠮᠡ᠂ ᠰᠤᠪᠢᠯᠠᠯᠲᠠ ᠶᠢᠨ ᠨᠥᠬᠦᠪᠦᠷᠢ | ᠭᠥᠷᠳᠡᠭᠰᠡᠨ ᠨᠠᠰᠤᠲᠠᠶᠢᠴᠤᠳ 98.5 ᠲᠦᠮᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ | ᠭᠥᠷᠳᠡᠭᠰᠡᠨ ᠨᠠᠰᠤᠲᠠᠶᠢᠴᠤᠳ 621.4 ᠲᠦᠮᠡ᠂ ᠶᠡᠷᠦᠩᠬᠡᠶᠢᠯᠡᠭᠰᠡᠨ ᠨᠥᠬᠦᠪᠦᠷᠢ ᠭᠥᠷᠳᠡᠭᠰᠡᠨ ᠨᠠᠰᠤᠲᠠᠶᠢᠴᠤᠳ | 66.7 ᠲᠦᠮᠡ ᠪᠣᠶ᠃ ᠪᠦᠬᠦ ᠤᠯᠤᠰ ᠲᠤ ᠨᠠᠰᠤᠲᠠᠶᠢᠴᠤᠳ ᠤᠨ ᠠᠰᠠᠷᠠᠮᠵᠢ ᠳᠤ 421.7 ᠳ᠋ᠦᠩᠰᠢᠭᠤᠷ | ᠲᠥᠭᠦᠷᠢᠭ ᠵᠠᠷᠤᠴᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ 223.2 ᠳ᠋ᠦᠩᠰᠢᠭᠤᠷ ᠲᠥᠭᠦᠷᠢᠭ | ᠵᠠᠷᠤᠴᠠᠭᠤᠯᠪᠠ᠃ |