9 ᠰᠠᠷ᠎ᠠ ᠶᠢᠨ 5 ᠤ ᠡᠳᠦᠷ᠂ ᠳᠥᠴᠢᠳᠦᠭᠡᠷ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠡᠮ ᠢᠶᠠᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠪᠡ᠃ | ᠬᠤᠷᠡᠯ ᠠᠴᠠ ᠤᠶᠢᠯᠠᠭᠠᠬᠰᠡᠨ ᠢᠶᠠᠷ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠠᠵᠢᠯ ᠤᠨ | ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ | ᠦᠢᠯᠡᠳᠦᠯᠭᠡᠵᠢᠭᠦᠯᠵᠦ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠴᠢᠳᠠᠪᠤᠷᠢ ᠰᠠᠶᠢᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠣᠶ | ᠪᠣᠯᠭᠠᠭᠰᠠᠭᠠᠷ ᠢᠷᠡᠵᠡᠶ᠃ | 2023 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ | ᠠᠵᠢᠯᠲᠠᠨ 41.02 ᠲᠦᠮᠡ ᠪᠠᠶᠢᠵᠤ᠂ ᠲᠤᠰᠬᠠᠢ ᠪᠠᠭᠰᠢ 31.77 ᠲᠦᠮᠡ᠂ ᠡᠵᠡᠯᠡᠬᠦ ᠬᠠᠷᠢᠴᠠᠯ ᠨᠢ 77. | 5% ᠳᠤ ᠬᠦᠷᠴᠤ᠂ ᠲᠤᠰᠬᠠᠢ ᠪᠠᠭᠰᠢ ᠶᠢᠨ ᠶᠡᠷᠦᠩᠬᠡᠢ ᠲᠤᠭ᠎ᠠ ᠨᠢ 2020 ᠣᠨ ᠤ ᠬᠢ ᠠᠴᠠ 2.4 ᠲᠦᠮᠡᠨ | ᠬᠥᠮᠥᠨ ᠨᠡᠮᠡᠭᠳᠡᠵᠦ᠂ 8.2% ᠢᠶᠠᠷ ᠨᠡᠮᠡᠭᠳᠡᠪᠡ᠃ ᠡᠭᠦᠨ ᠳᠤ᠂ ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ | ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ 84.2% ᠳᠤ ᠬᠦᠷᠴᠦ᠂ 12.8% ᠪᠠᠷ ᠨᠡᠮᠡᠭᠳᠡᠵᠡᠢ᠃ | ᠪᠥᠬᠦ ᠣᠷᠣᠨ ᠤ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠲᠤᠭ᠎ᠠ ᠬᠡᠮᠵᠢᠶ᠎ᠡ ᠪᠠ ᠰᠤᠷᠤᠯᠭ᠎ᠠ ᠶᠢᠨ | ᠨᠠᠮᠲᠠᠷ ᠤᠨ ᠪᠦᠲᠦᠴᠡ ᠤᠯᠠᠮ ᠨᠢᠭᠡ ᠠᠯᠬᠤᠮ ᠳᠡᠭᠡᠭᠰᠢᠯᠡᠪᠡ᠃ |