ᠪᠡᠶ᠎ᠡ ᠶᠢᠨ ᠦᠨᠡᠮᠯᠡᠯ ᠤᠨ ᠲᠤᠬᠠᠶ ᠳᠤᠤᠷᠠᠬᠢ ᠬᠠᠤᠯᠢ ᠴᠠᠭᠠᠵᠠ ᠶᠢᠨ ᠮᠡᠳᠡᠯᠭᠡ ᠶᠢ ᠤᠯᠠᠨ ᠢᠶᠠᠷ ᠢᠶᠠᠨ | ᠤᠶᠢᠯᠠᠭᠠᠵᠤ ᠠᠪᠤᠶ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ | ᠬᠠᠤᠯᠢ︾ | ᠠᠷᠪᠠᠨ ᠲᠠᠪᠤᠳᠤᠭᠠᠷ ᠵᠦᠢᠯ ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠭᠡᠬᠦ ᠳᠡᠭᠡᠨ ᠳᠣᠣᠷᠠᠬᠢ ᠵᠢᠭᠰᠠᠭᠠᠭᠰᠠᠨ ᠪᠠᠶᠢᠳᠠᠯ ᠤᠳ ᠲᠣᠬᠢᠶᠠᠯᠳᠤᠪᠠᠯ᠂ ᠬᠠᠤᠯᠢ ᠬᠡᠷᠡᠭᠵᠢᠭᠦᠯᠬᠦ | ᠦᠨᠡᠮᠯᠡᠯ ᠢᠶᠠᠨ ᠭᠠᠷᠭᠠᠵᠤ ᠦᠵᠡᠭᠦᠯᠦᠭᠡᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠰᠢᠯᠭᠠᠵᠤ | ᠪᠣᠯᠤᠨ᠎ᠠ᠄ | ︵ᠨᠢᠭᠡ︶ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠬᠥᠮᠦᠨ ᠤ ᠪᠡᠶ᠎ᠡ ᠶᠢᠨ ᠬᠢᠷᠢ ᠬᠡᠮ ᠢ ᠨᠢ | ᠪᠠᠶᠢᠴᠠᠭᠠᠨ ᠲᠤᠳᠦᠯᠡᠬᠤ ᠴᠢᠬᠤᠯᠠᠲᠠᠶ ᠦᠶᠡᠰ᠃ | ︵ᠬᠤᠶᠠᠷ︶ ᠬᠠᠤᠯᠢ ᠶᠣᠰᠣᠭᠠᠷ ᠲᠤᠬᠠᠶ ᠶᠢᠨ ᠲᠠᠯᠠᠪᠤᠷ ᠤᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠳᠤ | ᠬᠤᠯᠪᠣᠭᠳᠠᠯ ᠪᠦᠬᠦᠢ ᠬᠥᠮᠦᠰ ᠤᠨ ᠪᠡᠶ᠎ᠡ ᠶᠢᠨ ᠬᠢᠷᠢ ᠬᠡᠮ ᠢ ᠪᠠᠶᠢᠴᠠᠭᠠᠨ ᠳᠤᠳᠤᠯᠠᠬᠤ ᠴᠢᠬᠤᠯᠠᠲᠠᠶ ᠦᠶᠡᠰ᠃ | ︵ᠭᠤᠷᠪᠠ︶ ᠨᠡᠶᠢᠭᠡᠮ ᠤᠨ ᠠᠮᠤᠷ ᠲᠦᠪᠰᠢᠨ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ | ᠭᠡᠨᠡᠳᠲᠡ ᠶᠢᠨ ᠬᠡᠷᠡᠭ ᠭᠠᠷᠪᠠᠯ᠂ ᠲᠤᠬᠠᠶ ᠶᠢᠨ ᠲᠠᠯᠠᠪᠤᠷ ᠤᠨ ᠬᠤᠯᠪᠣᠭᠳᠠᠯ ᠪᠦᠬᠦᠢ ᠬᠥᠮᠦᠰ ᠤᠨ ᠪᠡᠶ᠎ᠡ ᠬᠡᠮ ᠢ | ᠪᠠᠶᠢᠴᠠᠭᠠᠨ ᠲᠣᠳᠣᠷᠬᠠᠶᠢᠯᠠᠬᠤ ᠴᠢᠬᠤᠯᠠᠲᠠᠶ ᠦᠶᠡᠰ᠃ | ︵ᠳᠦᠷᠪᠡ︶ ᠭᠠᠯᠲᠤ ᠲᠡᠷᠭᠡᠨ ᠤᠢᠷᠳᠡᠭᠡ᠂ ᠮᠠᠰᠢᠨ ᠲᠡᠷᠭᠡᠨ ᠤᠢᠷᠳᠡᠭᠡ᠂ ᠭᠠᠷᠠᠮ᠂ ᠣᠩᠭᠤᠴᠠᠨ ᠤ | ᠵᠣᠭᠰᠣᠭᠠᠯ᠂ ᠨᠢᠰᠭᠡᠯ ᠤᠨ ᠪᠠᠭᠤᠳᠠᠯ ᠪᠤᠶᠤ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠲᠣᠭᠤᠷᠢᠭ | ᠬᠤᠪᠢᠶᠠᠨ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ | ᠲᠠᠯᠠᠪᠤᠷ ᠲᠤ ᠬᠤᠯᠪᠣᠭᠳᠠᠯ ᠪᠦᠬᠦᠢ ᠬᠥᠮᠦᠰ ᠤᠨ ᠪᠡᠶ᠎ᠡ ᠬᠡᠮ ᠢ ᠪᠠᠶᠢᠴᠠᠭᠠᠨ ᠲᠤᠳᠦᠯᠡᠬᠤ ᠴᠢᠬᠤᠯᠠᠲᠠᠶ ᠦᠶᠡᠰ᠃ | ︵ᠲᠠᠪᠤ︶ ᠬᠠᠤᠯᠢ ᠴᠠᠭᠠᠵᠠ ᠳᠤ ᠲᠣᠭᠲᠠᠭᠠᠭᠰᠠᠨ ᠪᠡᠶ᠎ᠡ ᠶᠢᠨ ᠬᠢᠷᠢ ᠬᠡᠮ ᠢ ᠨᠢ ᠪᠠᠶᠢᠴᠠᠭᠠᠨ ᠲᠣᠳᠣᠷᠬᠠᠶᠢᠯᠠᠬᠤ | ᠴᠢᠬᠤᠯᠠᠲᠠᠶ ᠪᠤᠰᠤᠳ ᠪᠠᠶᠢᠳᠠᠯ ᠳᠤ᠃ | ᠡᠮᠦᠨᠡᠬᠢ ᠵᠢᠭᠰᠠᠭᠠᠭᠰᠠᠨ ᠵᠤᠷᠪᠤᠰ ᠤᠳ ᠤᠨ ᠠᠯᠢ ᠨᠢᠭᠡ ᠨᠢ ᠲᠤᠬᠢᠶᠠᠯᠳᠤᠵᠤ᠂ ᠠᠷᠠᠳ ᠤᠨ ᠴᠠᠭᠳᠠᠭ᠎ᠠ ᠶᠢᠨ | ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠶᠢᠴᠠᠭᠠᠨ ᠲᠤᠳᠤᠯᠠᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ | ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠠᠳᠠᠯᠢ ᠪᠤᠰᠤ ᠪᠠᠶᠢᠳᠠᠯ ᠢ ᠢᠯᠭᠠᠨ ᠠᠷᠭ᠎ᠠ ᠬᠡᠮᠵᠢᠶ᠎ᠡ ᠠᠪᠴᠤ | ᠰᠢᠢᠳᠪᠦᠷᠢᠯᠡᠨ᠎ᠡ᠃ | ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠳᠠᠷᠤᠵᠤ ᠠᠪᠴᠤ ᠪᠣᠯᠬᠤ ᠦᠭᠡᠢ᠃ ᠭᠡᠪᠡᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠵᠠᠷᠭᠤ ᠶᠢᠨ ᠬᠠᠤᠯᠢ︾ ᠶᠢᠨ ᠶᠣᠰᠣᠭᠠᠷ ᠰᠠᠭᠤᠭ᠎ᠠ | ᠭᠠᠵᠠᠷ ᠲᠤᠨᠢ ᠬᠢᠨᠠᠯᠲᠠ ᠲᠠᠯᠪᠢᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠪᠠᠶᠢᠳᠠᠯ ᠡᠭᠦᠨ ᠳᠤ ᠪᠠᠭᠲᠠᠬᠤ ᠦᠭᠡᠢ | ᠃ | ᠠᠷᠪᠠᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠳᠣᠩᠭᠤᠳᠴᠤ᠂ ᠬᠤᠶᠠᠷ ᠵᠠᠭᠤᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠂ ᠬᠠᠤᠯᠢ ᠶᠢ ᠵᠥᠷᠢᠴᠡᠵᠦ ᠣᠯᠵᠠ ᠠᠰᠢᠭ | ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | ︵ᠨᠢᠭᠡ︶ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢᠶᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠮᠡᠬᠡᠯᠡᠨ | ᠠᠪᠤᠭᠰᠠᠨ᠃ | ︵ᠬᠤᠶᠠᠷ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠂ | ᠰᠢᠯᠵᠢᠭᠦᠯᠦᠨ ᠥᠭᠭᠦᠭᠰᠡᠨ᠃ | ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠤᠯᠢ ᠪᠤᠰᠤ ᠪᠠᠷ ᠳᠠᠷᠤᠵᠤ ᠠᠪᠤᠭᠰᠠᠨ᠃ | ᠠᠷᠪᠠᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠮᠢᠩᠭᠠᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠶᠢᠳᠬᠡᠨᠡ᠂ ᠡᠰᠡᠬᠦᠯ᠎ᠡ ᠠᠷᠪᠠᠨ ᠡᠳᠦᠷ ᠠᠴᠠ | ᠳᠣᠷᠣᠭᠰᠢ ᠲᠦᠷ ᠬᠤᠷᠢᠬᠤ ᠪᠠᠷ ᠰᠶᠢᠳᠬᠡᠨᠡ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ | ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠄ | ︵ᠨᠢᠭᠡ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠬᠡᠷᠡᠭᠯᠡᠭᠰᠡᠨ ᠪᠤᠶᠤ ᠮᠡᠬᠡᠯᠡᠨ | ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠡᠷᠡᠭᠯᠡᠭᠰᠡᠨ᠃ | ︵ᠬᠤᠶᠠᠷ︶ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢ ᠬᠤᠳᠠᠯᠳᠤᠨ ᠠᠪᠤᠭᠰᠠᠨ᠂ ᠬᠤᠳᠠᠯᠳᠤᠭᠰᠠᠨ᠂ ᠬᠡᠷᠡᠭᠯᠡᠭᠰᠡᠨ᠃ | ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ | ᠪᠠ ᠮᠡᠬᠡᠯᠡᠨ ᠠᠪᠤᠭᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠷᠢᠶᠠᠨ ᠠᠪᠤᠨ᠎ᠠ᠃ | ᠠᠷᠪᠠᠨ ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰ ᠬᠠᠤᠯᠢ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ ᠳᠤ ᠵᠢᠭᠰᠠᠭᠠᠭᠰᠠᠨ | ᠠᠵᠢᠯᠯᠠᠭ᠎ᠠ ᠨᠤᠭᠤᠳ ᠤᠨ ᠨᠢᠭᠡ ᠶᠢ ᠬᠢᠵᠦ᠂ ᠶᠠᠯᠠᠲᠤ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ | ᠬᠤᠶᠠᠷ ᠵᠠᠭᠤ ᠨᠠᠶᠠᠳᠤᠭᠠᠷ ᠵᠦᠢᠯ ᠳᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ | ᠭᠡᠷᠡᠴᠢᠯᠡᠬᠦ ᠳᠤ ᠬᠡᠷᠡᠭᠯᠡᠵᠦ ᠪᠣᠯᠬᠤ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ᠂ | ᠬᠤᠳᠠᠯᠳᠤᠭᠠᠯᠠᠭᠰᠠᠨ ᠪᠠᠶᠢᠪᠠᠯ᠂ ᠭᠤᠷᠪᠠᠨ ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ | ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠢᠳᠭᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ | ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ | ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ᠃ | ᠬᠤᠶᠠᠷ ᠵᠠᠭᠤ ᠨᠠᠶᠠᠳᠤᠭᠠᠷ ᠵᠦᠢᠯ ᠤᠨ ᠨᠢᠭᠡ ᠪᠣᠯᠬᠤ ︽ᠬᠠᠭᠤᠷᠮᠠᠭ ᠪᠡᠶ᠎ᠡ ᠶᠢᠨ ᠦᠨᠡᠮᠯᠡᠯ ᠬᠡᠷᠡᠭᠯᠡᠭᠰᠡᠨ᠂ ᠪᠡᠶ᠎ᠡ ᠶᠢᠨ | ᠦᠨᠡᠮᠯᠡᠯ ᠢ ᠬᠤᠯᠠᠭᠠᠶᠢᠯᠠᠨ ᠬᠡᠷᠡᠭᠯᠡᠭᠰᠡᠨ ᠶᠠᠯ᠎ᠠ︾ ᠶᠢᠨ ᠲᠣᠭᠲᠠᠭᠠᠯ ᠳᠤ᠂ ᠤᠯᠤᠰ ᠤᠨ ᠲᠣᠭᠲᠠᠭᠠᠯ ᠶᠣᠰᠣᠭᠠᠷ | ᠪᠡᠶ᠎ᠡ ᠶᠢᠨ ᠬᠢᠷᠢ ᠬᠡᠮ ᠤᠨ ᠭᠡᠷᠡᠴᠢ ᠬᠠᠩᠭᠠᠬᠤ ᠶᠣᠰᠣᠲᠠᠶ ᠠᠵᠢᠯᠯᠠᠭ᠎ᠠ ᠶᠢᠨ ᠳᠤᠮᠳᠠ᠂ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠤᠶᠤ ᠪᠤᠰᠤᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠫᠠᠰᠫᠣᠷᠲ᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ ᠵᠡᠷᠭᠡ ᠬᠠᠤᠯᠢ ᠶᠣᠰᠣᠭᠠᠷ ᠪᠡᠶ᠎ᠡ ᠶᠢᠨ ᠬᠢᠷᠢ ᠬᠡᠮ ᠢ | ᠭᠡᠷᠡᠴᠢᠯᠡᠬᠦ ᠳᠤ ᠬᠡᠷᠡᠭᠯᠡᠵᠦ ᠪᠣᠯᠬᠤ ᠭᠡᠷᠡᠴᠢ ᠦᠨᠡᠮᠯᠡᠯ ᠢ ᠬᠤᠯᠠᠭᠠᠶᠢᠯᠠᠨ ᠬᠡᠷᠡᠭᠯᠡᠭᠡᠳ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ ᠰᠢᠢᠳᠭᠡᠵᠦ᠂ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠭᠡᠬᠦ ᠪᠤᠶᠤ ᠲᠤᠰ ᠲᠤᠨᠢ ᠰᠢᠢᠳᠭᠡᠨ᠎ᠡ᠃ | ᠡᠮᠦᠨᠡᠬᠢ ᠲᠣᠭᠲᠠᠭᠠᠭᠰᠠᠨ ᠵᠤᠷᠪᠤᠰ ᠲᠠᠬᠢ ᠦᠢᠯᠡ ᠠᠵᠢᠯᠯᠠᠭ᠎ᠠ ᠶᠢ ᠬᠢᠬᠦ ᠶᠢᠨ ᠬᠠᠮᠲᠤ ᠪᠤᠰᠤᠳ ᠶᠠᠯ᠎ᠠ ᠶᠢ | ᠪᠦᠷᠢᠯᠳᠦᠭᠦᠯᠦᠭᠰᠡᠨ ᠪᠠᠶᠢᠪᠠᠯ᠂ ᠨᠡᠯᠢᠶᠡᠳ ᠬᠦᠨᠳᠦ ᠪᠠᠷ ᠰᠢᠢᠳᠭᠡᠬᠦ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ | ᠰᠢᠢᠳᠭᠡᠨ᠎ᠡ᠃ | ᠰᠠᠨᠠᠭᠤᠯᠤᠮᠵᠢ᠄ | ᠪᠡᠶ᠎ᠡ ᠶᠢᠨ ᠦᠨᠡᠮᠯᠡᠯ ᠢᠶᠠᠨ ᠰᠠᠶᠢᠲᠤᠷ ᠬᠠᠳᠠᠭᠠᠯᠠᠶ᠎ᠠ | 1. ᠪᠡᠶ᠎ᠡ ᠶᠢᠨ ᠦᠨᠡᠮᠯᠡᠯ ᠢ ᠳᠤᠷ᠎ᠠ ᠪᠠᠷ ᠢᠶᠠᠨ ᠲᠦᠷᠢᠶᠡᠰᠦᠯᠡᠭᠦᠯᠵᠦ᠂ ᠵᠢᠭᠡᠯᠡᠭᠦᠯᠵᠦ᠂ ᠰᠢᠯᠵᠢᠭᠦᠯᠦᠨ ᠥᠭᠴᠦ | ᠪᠣᠯᠬᠤ ᠥᠬᠡᠶ᠃ | 2. ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ | ᠳᠠᠷᠤᠵᠤ ᠠᠪᠴᠤ ᠪᠣᠯᠬᠤ ᠥᠬᠡᠶ ︵ᠠᠷᠠᠳ ᠤᠨ ᠴᠠᠭᠳᠠᠭ᠎ᠠ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠭᠡᠬᠦ ᠨᠢ ᠡᠭᠦᠨ ᠳᠤ ᠪᠠᠭᠲᠠᠬᠤ ᠥᠬᠡᠶ︶ | 3. ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠵᠢᠴᠢ ᠪᠡᠶ᠎ᠡ ᠶᠢᠨ ᠭᠡᠷᠡᠴᠢᠯᠡᠯ ᠢ ᠬᠤᠳᠠᠯᠳᠤᠨ ᠠᠪᠬᠤ᠂ ᠬᠤᠳᠠᠯᠳᠤᠭᠠᠯᠠᠬᠤ ᠪᠤᠶᠤ ᠬᠡᠷᠡᠭᠯᠡᠵᠤ ᠪᠤᠯᠬᠤ ᠦᠭᠡᠢ | ᠃ | ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ ᠠᠴᠠ︶ |