ᠷᠠᠰᠢᠶᠠᠨ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12

     9 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ

ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ

ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠲᠥᠷᠥᠯ ᠵᠦᠢᠯ ᠤᠨ ︽ᠵᠠᠭᠤᠨ ᠡᠳᠦᠷ ᠤᠨ ᠪᠣᠭᠤᠮᠲᠠ

ᠰᠢᠪᠲᠤᠯᠬᠤ︾ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠢᠯ

 ᠤᠨ ᠬᠤᠷᠠᠯ ᠤᠨ ᠠᠵᠤ ᠠᠬᠤᠶ ᠶᠢᠨ ᠲᠥᠰᠦᠯ ᠵᠢᠴᠢ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠰᠣᠨᠣᠰᠪᠠ᠃

ᠬᠤᠲᠠ ᠶᠢᠨ ᠤᠳᠤᠷᠢᠳᠤᠯᠭ᠎ᠠ ᠰᠦᠨ ᠪᠠᠶ ᠴᠤᠸᠠᠨ᠂ ᠯᠦ ᠴᠢ ᠭᠦᠸᠧ᠂ ᠵᠧᠤ ᠵᠢᠶᠦ᠋ᠨ ᠫᠧᠩ᠂ ᠦ᠋ ᠫᠸᠢ᠂ ᠴᠢᠶᠣᠤ

ᠹᠧᠩ ᠯᠢᠨ᠂ ᠪᠠᠶ ᠹᠧᠩ ᠵᠢᠴᠢ ᠲᠤᠭ᠎ᠠ ᠪᠦᠷᠢᠳᠬᠡᠯ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ

ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

     ᠬᠤᠷᠠᠯ ᠠᠴᠠ᠂ ᠡᠯ᠎ᠡ ᠬᠠᠮᠢᠶ᠎ᠠ ᠪᠦᠬᠦᠢ ᠨᠢᠭᠡᠴᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ

ᠠᠬᠢᠴᠠ ᠪᠠᠨ ᠤᠯᠠᠮ ᠨᠢᠭᠡ ᠠᠯᠬᠤᠮ ᠲᠦᠷᠭᠡᠳᠬᠡᠵᠦ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯ ᠢ

ᠰᠠᠶᠢᠲᠤᠷ ᠠᠳᠬᠤᠵᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂

ᠪᠡᠷᠬᠡᠰᠢᠶᠡᠬᠦ ᠰᠡᠳᠬᠢᠯᠭᠡ ᠶᠢ ᠲᠡᠪᠴᠢᠵᠦ᠂ ᠲᠠᠶᠢᠯᠪᠣᠷᠢᠯᠡᠬᠦ ᠰᠡᠳᠬᠢᠬᠦᠶ ᠶᠢ ᠢᠯᠡᠭᠦᠬᠡᠨ ᠬᠡᠷᠡᠭᠯᠡᠵᠦ᠂ ᠬᠠᠷᠢᠭᠤᠴᠠᠯᠭ᠎ᠠ ᠶᠢ

ᠱᠠᠲᠤ ᠱᠠᠲᠤ ᠪᠠᠷ ᠨᠠᠶᠢᠳᠠᠪᠤᠷᠢᠵᠢᠭᠤᠯᠣᠨ᠂ ᠳᠠᠷᠤᠯᠲᠠ ᠶᠢ ᠱᠠᠲᠤ ᠱᠠᠲᠤ ᠪᠠᠷ ᠵᠠᠳᠠᠯᠵᠤ᠂ ᠱᠠᠲᠣᠴᠢ ᠴᠢᠨᠠᠷᠲᠠᠶ

ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ

ᠠᠭᠤᠳᠠᠯᠵᠤ᠂ ᠲᠦᠷᠦᠯ ᠵᠦᠢᠯ ᠢ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠠᠲᠤᠯᠠᠵᠤ᠂

ᠬᠤᠯᠪᠣᠭᠳᠠᠯ ᠪᠦᠬᠦᠢ ᠨᠢᠭᠡᠴᠢ ᠲᠠᠢ ᠴᠠᠭ ᠲᠤᠬᠠᠢ ᠳᠤᠨᠢ ᠵᠣᠯᠭᠠᠭᠤᠯᠬᠤ᠂ ᠱᠠᠯᠠᠪᠳᠡᠭᠤᠯᠬᠤ᠂ ᠵᠢᠯᠣᠭᠤᠳᠬᠤ ᠠᠵᠢᠯ ᠢ

ᠰᠠᠶᠢᠲᠤᠷ ᠬᠢᠵᠦ᠂ ᠬᠥᠮᠥᠷᠭᠡ ᠳᠤ ᠣᠷᠣᠭᠤᠯᠤᠭᠰᠠᠨ ᠦᠭᠡᠢ ᠲᠦᠷᠦᠯ ᠵᠦᠢᠯ ᠢ ᠠᠷᠭ᠎ᠠ ᠪᠦᠬᠦᠨ ᠢ ᠰᠦᠪᠡᠭᠴᠢᠯᠡᠨ

ᠬᠥᠮᠥᠷᠭᠡ ᠳᠤ ᠣᠷᠣᠭᠤᠯᠵᠤ᠂ ᠨᠢᠭᠡᠨᠲᠡ ᠬᠥᠮᠥᠷᠭᠡ ᠳᠤ ᠣᠷᠣᠭᠤᠯᠤᠭᠰᠠᠨ ᠲᠦᠷᠦᠯ ᠵᠦᠢᠯ ᠢ ᠠᠷᠭ᠎ᠠ ᠪᠦᠬᠦᠨ ᠢ

ᠰᠦᠪᠡᠭᠴᠢᠯᠡᠨ ᠠᠬᠢᠴᠠ ᠶᠢ ᠨᠢ ᠠᠬᠢᠭᠤᠯᠬᠤ ᠬᠡᠷᠡᠭᠲᠡᠢ᠃ ᠤᠷᠢᠳᠴᠢᠯᠠᠨ ᠲᠥᠯᠥᠪᠵᠢᠭᠦᠯᠦᠨ ᠪᠠᠶᠢᠷᠢᠯᠠᠭᠤᠯᠵᠤ᠂

ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠢᠯ ᠤᠨ ᠬᠤᠷᠠᠯ ᠤᠨ ᠠᠵᠤ ᠠᠬᠤᠢ ᠵᠢᠴᠢ ᠡᠯ᠎ᠡ ᠲᠦᠷᠦᠯ ᠵᠦᠢᠯ ᠢ

ᠪᠣᠭᠤᠳᠠᠯᠯᠠᠨ ᠨᠥᠭᠡᠴᠡᠯᠡᠬᠦ ᠶᠢ ᠰᠠᠶᠢᠲᠤᠷ ᠬᠢᠵᠦ᠂ ᠳᠠᠭᠠᠭᠠᠴᠢᠯᠠᠨ ᠬᠤᠯᠪᠣᠭᠠᠯᠠᠭᠰᠠᠨ ᠭᠠᠵᠡᠷ ᠤᠨ ᠭᠠᠵᠠᠷ ᠤᠨ

ᠲᠡᠰ ᠤᠨ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠷᠲᠡᠬᠡᠨ ᠲᠤᠬᠢᠷᠠᠭᠤᠯᠵᠤ᠂

ᠤᠷᠢᠳᠴᠢᠯᠠᠨ ᠵᠣᠬᠢᠶᠠᠨ ᠪᠠᠶᠢᠭᠤᠯᠵᠤ᠂ ᠬᠠᠷᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ

ᠪᠦᠷᠢᠯᠳᠦᠭᠦᠯᠵᠦ᠂  ᠪᠡᠯᠡᠳᠬᠡᠯ ᠠᠵᠢᠯ ᠢ ᠭᠦᠢᠴᠡᠳ ᠪᠠᠶᠠᠯᠠᠬᠦᠯᠵᠣ᠂ ᠡᠯ᠎ᠡ ᠵᠦᠢᠯ ᠤᠨ ᠬᠡᠷᠡᠭ ᠶᠠᠪᠤᠳᠠᠯ ᠢ ᠡᠮᠬᠢ

ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃

 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号