ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2024/9/12
     9 ᠰᠠᠷ᠎ᠠ ᠶᠢᠨ 5 ᠤ ᠡᠳᠦᠷ᠂ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠡᠤ ᠴᠠ ᠭᠧᠤ ᠳᠤᠮᠳᠠ ᠠᠩᠭᠢ ᠬᠠᠷᠢᠶᠠᠲᠤ ᠣᠷᠣᠨ ᠤ ᠪᠠᠨ ᠳᠤᠮᠳᠠᠳᠤ ᠪᠠᠭ᠎ᠠ ᠰᠤᠷᠭᠠᠭᠤᠯᠢ ᠪᠠᠷ ᠭᠦᠨᠵᠡᠭᠡᠶᠢᠷᠡᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ︽ᠰᠤᠷᠤᠯᠭ᠎ᠠ ᠡᠬᠢᠯᠡᠭᠰᠡᠨ ᠠᠩᠬᠠᠨ ᠤ ᠬᠢᠴᠢᠶᠡᠯ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠪᠡ᠃      ᠠᠵᠢᠯᠯᠠᠭ᠎ᠠ ᠳᠤ᠂ ᠡᠦ ᠴᠠ ᠭᠸᠦ ᠳᠤᠮᠳᠠ ᠠᠩᠭᠢ ᠶᠢᠨ ᠤᠬᠠᠭᠤᠯᠤᠬᠴᠢ ᠴᠠᠬᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠦ ᠳᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠭᠡᠷᠡᠭ ᠤᠨ ᠵᠢᠱᠢᠶ᠎ᠠ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠰᠤᠷᠤᠬᠴᠢᠳ ᠤᠨ ᠡᠳᠦᠷ ᠲᠤᠲᠤᠮ ᠤᠨ ᠶᠠᠪᠤᠵᠤ ᠰᠠᠭᠤᠬᠤ᠂ ᠠᠮᠤᠷ ᠲᠦᠪᠰᠢᠨ ᠢᠶᠠᠷ ᠳᠤᠭᠤᠶ ᠤᠨᠤᠬᠤ᠂ ᠠᠮᠤᠷ ᠲᠦᠪᠰᠢᠨ ᠢᠶᠠᠷ ᠲᠡᠷᠭᠡᠨ ᠳᠤ ᠰᠠᠭᠤᠬᠤ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠭᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠣᠶᠢᠯᠠᠭᠠᠮᠵᠢᠲᠠᠶ ᠲᠠᠶᠢᠯᠪᠤᠷᠢᠯᠠᠨ ᠥᠭᠴᠡᠶ᠃      ᠪᠠᠰᠠ ᠰᠣᠷᠣᠭᠴᠢᠳ ᠤᠨ ᠨᠠᠰᠤᠨ ᠤ ᠣᠨᠴᠠᠯᠢᠭ ᠲᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠪᠠᠷ ᠳᠠᠮᠵᠢᠨ ᠰᠤᠷᠤᠭᠴᠢᠳ ᠲᠤ ᠪᠤᠯᠪᠠᠰᠤᠨ ᠢᠶᠠᠷ ᠵᠠᠮ ᠭᠡᠲᠦᠯᠬᠦ᠂ ᠪᠦᠬᠦᠯᠢ 12 ᠨᠠᠰᠤ ᠭᠦᠷᠪᠡᠯ ᠰᠠᠶ᠋ᠢ ᠳᠤᠭᠤᠶ ᠲᠡᠷᠭᠡ ᠤᠨᠤᠵᠤ ᠪᠣᠯᠬᠤ᠂ ᠠᠮᠤᠷ ᠲᠦᠪᠰᠢᠨ ᠤ ᠳᠤᠭᠤᠯᠠᠭ᠎ᠠ ᠵᠡᠭᠦᠬᠦ ᠵᠥᠪ ᠣᠨᠣᠴᠠᠲᠠᠶ ᠠᠷᠭ᠎ᠠ ᠮᠠᠶ᠋ᠢᠭ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠪᠡ᠃      ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠤᠨ ︽ᠠᠶᠤᠯ ᠲᠦᠭᠰᠢᠭᠦᠷᠢ ᠶᠢ ᠮᠡᠳᠡᠵᠦ ᠠᠶᠤᠯ ᠲᠦᠭᠰᠢᠭᠦᠷᠢ ᠠᠴᠠ ᠵᠠᠶᠢᠯᠠᠬᠤ︾ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠤᠨ ᠠᠮᠤᠷ ᠲᠦᠪᠰᠢᠨ᠂ ᠡᠷᠡᠭᠦᠯ ᠴᠢᠬᠢᠷᠠᠬ᠂ ᠪᠠᠶᠠᠷ ᠴᠡᠩᠭᠡᠯ ᠲᠠᠢ ᠦᠰᠦᠨ ᠪᠤᠶᠢᠵᠢᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃︵ᡁᠢ ᠮᠢᠨ ᠴᠠᠢ ᡁᠢ ᠰᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号