ᠷᠡᠰᠢᠶᠠᠨ ᠬᠤᠳᠡ ᠶᠢᠨ ᠰᠢᠨ ᠴᠧᠩ ᠵᠡᠭᠡᠯᠢ ︽ᠲᠥᠷᠥᠯᠳᠡ ᠶᠢᠨ ᠵᠡᠷᠡᠮᠳᠡᠭ ᠢ ᠰᠡᠷᠭᠡᠶᠢᠯᠡᠬᠦ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
   2024 ᠣᠨ ᠤ 9 ᠰᠠᠷ᠎ᠠ ᠶᠢᠨ 12 ᠤᠨ ᠡᠳᠦᠷ ᠪᠣᠯ 2020 ᠣᠨ ᠤ ᠪᠥᠬᠦ ᠤᠯᠤᠰ ᠤᠨ ︽ᠲᠥᠷᠥᠯᠳᠡ  ᠶᠢᠨ ᠵᠡᠷᠡᠮᠳᠡᠭ ᠢ ᠰᠡᠷᠭᠡᠶᠢᠯᠡᠬᠦ ᠡᠳᠦᠷ︾ ᠮᠥᠨ᠂ ᠲᠥᠷᠥᠯᠳᠡ ᠶᠢᠨ ᠵᠡᠷᠡᠮᠳᠡᠭ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠶ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠪᠥᠬᠦ ᠨᠡᠶᠢᠭᠡᠮ ᠤᠨ ᠲᠥᠷᠥᠯᠳᠡ ᠶᠢᠨ ᠵᠡᠷᠡᠮᠳᠡᠭ ᠢ ᠲᠠᠨᠢᠨ ᠮᠡᠳᠡᠬᠦ ᠪᠠ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠢᠨ ︽ᠴᠢᠭᠢᠷᠠᠭ ᠰᠢᠨ᠎ᠡ ᠬᠡᠦᠬᠡᠳ ᠲᠥᠷᠥᠵᠦ  ᠲᠥᠷᠥᠯᠳᠡ ᠶᠢᠨ ᠵᠡᠷᠡᠮᠳᠡᠭ ᠢ ᠣᠷᠢᠳᠡᠪᠡᠷ ᠰᠠᠷᠭᠡᠶᠢᠯᠡᠬᠦ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ  ᠲᠥᠷᠥᠯᠳᠡ ᠶᠢᠨ ᠵᠡᠷᠡᠮᠳᠡᠭ ᠢ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠴᠢᠨᠠᠷ ᠢ ᠰᠠᠨᠠᠭᠤᠯᠪᠠ᠃     ᠰᠢᠨ ᠴᠧᠩ ᠵᠡᠭᠡᠯᠢ ᠶᠢᠨ ᠠᠵᠢᠯᠲᠠᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠠᠣᠯᠢ ᠶᠢᠨ ᠨᠠᠰᠣᠨ ᠳᠤ ᠨᠠᠶᠢᠴᠠᠵᠣ ᠤᠷᠤᠭᠯᠠᠵᠤ ᠬᠥᠩᠭᠡᠵᠢᠬᠦ ᠪᠡ ᠦᠷᠡᠵᠢᠯ ᠤᠨ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠰᠦᠢᠳᠬᠡᠯ ᠬᠤᠷᠢᠶᠠᠬᠤ ᠦᠭᠡᠢ ᠪᠠᠷ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠭᠤᠯᠭ᠎ᠠ᠂ ᠠᠴᠢ ᠬᠤᠯᠪᠣᠭᠳᠠᠯ᠂ ᠶᠠᠪᠣᠴᠠ  ᠶᠢ ᠲᠠᠶᠢᠯᠪᠤᠷᠢᠯᠠᠵᠤ᠂ ᠨᠠᠪᠴᠢᠨ ᠬᠦᠴᠢᠯ ᠨᠦᠬᠦᠬᠦ ᠡᠮ ᠤᠣᠭᠤᠵᠣ ᠬᠡᠤᠭᠡᠳ ᠤᠨ ᠮᠡᠳᠡᠷᠡᠯ ᠤᠨ ᠵᠡᠮᠳᠡᠭ ᠪᠣᠯᠬᠤ ᠠᠴᠠ ᠤᠷᠢᠳᠴᠢᠯᠠᠨ ᠰᠡᠷᠭᠡᠶᠢᠯᠡᠬᠦ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠰᠠᠭᠤᠭᠠᠯᠢ ᠠᠷᠠᠳ ᠤᠨ ᠳᠤᠷᠠᠳᠤᠭᠰᠠᠨ ᠬᠤᠶᠠᠷ ᠬᠡᠤᠬᠡᠳ ᠠᠪᠬᠤ᠂ ᠭᠤᠷᠪᠠᠨ ᠬᠡᠤᠬᠡᠳ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠵᠡᠷᠭᠡ ᠠᠰᠠᠭᠤᠳᠠᠯ ᠳᠤ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠰᠠᠶᠢᠨ ᠲᠥᠷᠥᠵᠤ ᠰᠠᠶᠢᠬᠠᠨ ᠥᠰᠬᠡᠬᠦ ᠦᠵᠡᠯ ᠤᠬᠠᠮᠰᠠᠷ ᠪᠠ ᠮᠡᠳᠡᠯᠭᠡ ᠶᠢᠨ ᠬᠢᠷᠢ ᠲᠦᠪᠰᠢᠨ ᠢ ᠦᠨᠡᠨ ᠬᠦ ᠨᠡᠮᠡᠭᠳᠡᠭᠦᠯᠵᠡᠢ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠲᠦᠷᠣᠯᠳᠡ ᠶᠢᠨ ᠵᠡᠷᠡᠮᠳᠡᠭ   ᠤᠨ ᠲᠤᠬᠠᠶ ᠲᠠᠨᠢᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠠᠷᠢᠶ᠎ᠠ ᠣᠷᠣᠨ ᠤ ᠬᠥᠩᠭᠡᠵᠢᠬᠦ ᠨᠠᠰᠤᠨ ᠤ ᠰᠠᠭᠤᠭᠠᠯᠢ ᠠᠷᠠᠳ ᠤᠨ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠰᠢᠨ ᠴᠧᠩ ᠵᠡᠭᠡᠯᠢ ᠶᠢᠨ ᠬᠢᠨ ᠦᠷᠭᠦᠯᠵᠢᠯᠡᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠠᠵᠢᠯᠯᠠᠭ᠎ᠠ ᠬᠠᠩᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠠᠩ ᠪᠥᠬᠦ ᠲᠠᠯ᠎ᠠ ᠶᠢᠨ᠂ ᠳᠣᠲᠣᠨᠣ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠬᠡᠷ ᠪᠦᠯᠢ ᠨᠢᠭᠡᠪᠦᠷᠢ ᠶᠢᠨ ᠡᠷᠡᠭᠦᠯ ᠮᠡᠨᠳᠦ ᠪᠠ ᠵᠣᠯ ᠵᠢᠷᠭᠠᠯ ᠢ ᠬᠠᠮᠲᠤ ᠪᠠᠷ ᠰᠠᠬᠢᠨ ᠬᠠᠮᠠᠭᠠᠯᠠᠨ᠎ᠠ᠃
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号