ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠲᠠᠰ ᠤᠨ ᠢᠷᠠᠭᠤ ᠠᠯᠳᠠᠷ ᠢ ᠭᠥᠷᠳᠡᠵᠠᠢ
ᠨᠡᠶᠢᠲᠡᠯᠡᠭᠰᠡᠨ ᠴᠠᠭ᠄
2024/9/12
    ᠤᠢᠢᠷ᠎ᠠ ᠳᠤ᠂ 19 ᠳ᠋ᠤᠬᠡᠷ ᠬᠤᠭᠤᠴᠠᠭᠠᠨ ᠤ ᠪᠦᠬᠦ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠶᠡᠭᠡ ᠬᠤᠷᠠᠯ ᠳᠡᠭᠡᠷ᠎ᠡ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠳᠤᠪᠴᠢᠶ᠎ᠠ ︽2023 — 2024 ᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠡᠷᠢᠭᠦᠨ ᠤ ᠨᠢᠭᠡᠴᠢ︾᠂ ︽2023 — 2024 ᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠲᠡᠷᠢᠭᠦᠨ ᠤ ᠪᠠᠶᠢᠭᠤᠯᠤᠮᠵᠢ︾ ᠪᠠᠷ ᠦᠨᠡᠯᠡᠭᠳᠡᠪᠡ᠃     ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠳᠤᠪᠴᠢᠶ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ ᠥᠭᠡᠷᠡᠴᠢᠯᠡᠯᠲᠡ ᠪᠣᠯᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠤᠳᠤᠷᠢᠳᠤᠮᠵᠢ ᠪᠣᠯᠭᠠᠨ᠂ ︽ᠢᠨᠲ᠋ᠧᠷ ᠰᠦᠯᠵᠢᠶ᠎ᠠ + ᠵᠠᠰᠠᠭ ᠤᠨ ᠣᠷᠳᠣᠨ ᠤ ᠬᠤᠳᠠᠯᠳᠤᠨ ᠠᠪᠬᠤ︾ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠢᠯᠡ ᠲᠣᠳᠣ ᠶᠢᠨ ᠬᠡᠮᠵᠢᠶ᠎ᠠ ᠪᠣᠯᠤᠨ ᠳᠦᠬᠦᠮ ᠦᠵᠡᠭᠦᠯᠬᠦ ᠬᠡᠮᠵᠢᠶ᠎ᠠ ᠶᠢ ᠬᠦᠴᠦᠯᠡᠨ ᠳᠡᠭᠡᠭᠰᠢᠯᠡᠭᠦᠯᠵᠡᠢ᠃     ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠴᠢᠳᠠᠮᠵᠢ ᠶᠢ ᠪᠠᠳᠠᠷᠠᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠤᠷᠢᠳᠴᠢᠯᠠᠨ ᠦᠯᠡᠳᠡᠭᠡᠬᠦ᠂ ᠦᠨ᠎ᠡ ᠬᠠᠩᠰᠢ ᠶᠢ ᠬᠢᠨᠠᠨ ᠲᠣᠭᠲᠠᠭᠠᠵᠤ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠪᠠᠷ ᠳᠤᠮᠳᠠ ᠵᠢᠵᠢᠭ ᠠᠵᠤ ᠠᠬᠤᠶᠢᠯᠠᠯ ᠤᠨ ᠣᠷᠣᠯᠴᠠᠬᠤ ᠪᠠᠷᠢᠮᠵᠢᠶ᠎ᠠ ᠶᠢ ᠪᠠᠭᠤᠷᠠᠭᠤᠯᠵᠠᠢ᠃ ᠤᠷᠢᠳᠴᠢᠯᠠᠨ ᠵᠣᠭᠤᠰ ᠥᠭᠬᠦ ᠲᠦᠷᠢᠮ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠡᠯᠡ ᠲᠤᠬᠢᠷᠠᠭᠤᠯᠭ᠎ᠠ ᠵᠢᠴᠢ ᠪᠡᠯᠡ ᠮᠥᠩᠭᠦ ᠥᠭᠬᠦ ᠶᠢ ᠬᠢᠨᠠᠨ ᠪᠠᠶᠢᠴᠠᠭᠠᠬᠤ ᠠᠵᠢᠯ ᠢ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠳᠠᠭᠠᠭᠠᠴᠢᠯᠠᠯᠲᠠ ᠬᠦᠯᠢᠶᠡᠬᠦ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠢ ᠬᠢᠨᠠᠨ ᠵᠥᠪᠰᠢᠶᠡᠷᠡᠬᠦ ᠭᠤᠭᠴᠤᠭ᠎ᠠ ᠶᠢ ᠴᠣᠮᠬᠠᠳᠬᠠᠵᠤ᠂ ᠬᠢᠩᠭᠠᠨ ᠠᠶᠢᠮᠠᠭ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠳᠠᠬᠢ ᠡᠳ᠋ ᠤᠨ ᠵᠠᠰᠠᠭ ᠤᠨ ᠶᠠᠪᠤᠳᠠᠯ ᠤᠨ ᠮᠡᠳᠡᠭᠦᠯᠦᠯᠲᠡ᠂ ᠳᠤᠮᠳᠠ ᠵᠢᠵᠢᠭ ᠠᠵᠤ ᠠᠬᠤᠶᠢᠯᠠᠯ ᠤᠨ ᠢᠯᠡᠷᠬᠡᠶᠢᠯᠡᠯᠲᠡ ᠵᠢᠴᠢ ᠨᠡᠶᠢᠭᠡᠮ ᠤᠨ ᠪᠠᠳᠤᠯᠠᠪᠤᠷᠢ ᠶᠢᠨ ᠪᠠᠯᠠ ᠮᠥᠩᠭᠦ ᠲᠤᠰᠢᠶᠠᠬᠤ ᠵᠡᠷᠭᠡ ᠳᠤ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠬᠡᠷᠡᠭᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠠᠵᠢᠯ ᠤᠨ ᠦᠷ᠎ᠡ ᠪᠦᠳᠦᠮᠵᠢ ᠶᠢ ᠨᠢ ᠶᠡᠬᠡᠪᠡᠷ ᠳᠡᠭᠡᠭᠰᠢᠯᠡᠭᠦᠯᠵᠡᠢ᠃ ︵ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号