ᠬᠤᠲᠠ ᠶᠢᠨ ᠵᠡᠮᠳᠡᠭᠴᠦᠳ ᠤᠨ ᠬᠤᠯᠪᠣᠭ᠎ᠠ 2024 ᠣᠨ ᠤ ᠦᠨᠡᠮᠯᠡᠯ ᠲᠠᠢ ᠵᠡᠮᠳᠡᠭᠴᠦᠳ ᠤᠨ ᠦᠨᠳᠦᠰᠦᠨ ᠪᠠᠶᠢᠳᠠᠯ ᠢ ᠪᠠᠶᠢᠴᠠᠭᠠᠬᠤ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/9/13
      ᠵᠡᠮᠳᠡᠭ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠣᠨ᠂ ᠦᠨᠡᠮᠯᠡᠯ ᠲᠠᠢ ᠵᠡᠮᠳᠡᠭᠴᠦᠳ ᠤᠨ ᠦᠨᠳᠦᠰᠦᠨ ᠪᠠᠶᠢᠳᠠᠯ ᠢ ᠪᠠᠶᠢᠴᠠᠭᠠᠬᠤ ᠠᠵᠢᠯ ᠢ ᠨᠠᠩ ᠰᠠᠶᠢᠲᠤᠷ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠦᠨᠡᠮᠯᠡᠯ ᠲᠠᠢ ᠵᠡᠮᠳᠡᠭᠴᠦᠳ ᠤᠨ ᠦᠨᠳᠦᠰᠦᠨ ᠪᠠᠶᠢᠳᠠᠯ ᠢ ᠪᠠᠶᠢᠴᠠᠭᠠᠬᠤ ᠪᠣᠯᠪᠠᠰᠤᠷᠠᠯ ᠢ ᠥᠷᠨᠢᠭᠦᠯᠪᠡ᠃  ᠬᠤᠳᠡ ᠶᠢᠨ ᠬᠠᠷᠢᠶᠠᠨ  ᠳᠠᠬᠢ ᠲᠦᠷᠪᠡᠨ ᠪᠠᠯᠭᠠᠰᠤ ᠲᠦᠷᠪᠡᠨ ᠵᠡᠭᠡᠯᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠢᠴᠢ ᠵᠡᠮᠳᠡᠭᠴᠦᠳ ᠤᠨ ᠬᠤᠯᠪᠣᠭ᠎ᠠ ᠶᠢᠨ ᠲᠤᠰᠬᠠᠢ ᠺᠠᠳ᠋ᠷ ᠨᠠᠷ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠦᠨᠳᠦᠰᠦᠨ ᠪᠠᠶᠢᠳᠠᠯ ᠢ ᠪᠠᠶᠢᠴᠠᠭᠠᠬᠤ ᠡᠭᠦᠷᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠶᠡᠷᠦᠩᠬᠡᠶ ᠱᠠᠭᠠᠷᠳᠠᠯᠭ᠎ᠠ ᠳᠤ ᠲᠠᠶᠢᠯᠤᠮᠵᠢ ᠬᠢᠵᠦ᠂ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠵᠦ᠂ ᠡᠷᠦᠬᠡ ᠪᠠᠷ ᠬᠦᠷᠴᠣ ᠮᠡᠳᠡᠭᠡ ᠵᠠᠩᠭᠢ ᠴᠤᠭᠯᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠡᠭᠦᠨ ᠤ ᠬᠠᠮᠲᠤ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢᠨ ᠳᠤᠮᠳᠠᠬᠢ  ᠬᠦᠨᠳᠦ ᠠᠵᠢᠯ᠂ ᠬᠦᠴᠢᠷ ᠠᠰᠠᠭᠤᠳᠠᠯ ᠳᠤ ᠲᠠᠶᠢᠯᠤᠮᠵᠢ ᠬᠢᠵᠦ᠂ ᠬᠤᠪᠢ ᠬᠥᠮᠦᠨ ᠤ ᠪᠠᠶᠢᠴᠠᠭᠠᠯᠲᠠ ᠶᠢᠨ ᠬᠦᠰᠦᠨᠦᠭᠲᠦ ᠪᠠ ᠨᠡᠶᠢᠭᠡᠮ ᠲᠣᠭᠤᠷᠢᠭ ᠤᠨ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠬᠤ ᠠᠵᠢᠯᠯᠠᠭᠠᠨ ᠤ ᠶᠠᠪᠤᠴᠠ ᠶᠢ ᠨᠠᠷᠢᠨ ᠲᠠᠶᠢᠯᠪᠤᠷᠢᠯᠠᠵᠤ᠂ ᠲᠠᠭᠯᠠᠨ ᠮᠡᠳᠡᠭᠦᠯᠬᠦ ᠠᠩᠬᠠᠷᠬᠤ ᠵᠦᠢᠯᠡᠰ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠮᠡᠳᠡᠯᠭᠡ ᠶᠢ ᠨᠠᠷᠢᠨ ᠬᠢᠨᠠᠮᠠᠭᠠᠶ ᠰᠤᠷᠤᠯᠴᠠᠨ ᠡᠵᠡᠮᠰᠢᠪᠡ᠃      ᠪᠠᠶᠢᠳᠠᠯ ᠢ ᠪᠠᠶᠢᠴᠠᠭᠠᠬᠤ ᠪᠠᠷ ᠭᠤᠣᠯ ᠠᠴᠢᠶᠠᠯᠠᠪᠤᠷᠢ ᠪᠣᠯᠭᠠᠵᠤ᠂ ᠷᠠᠰᠢᠶᠠᠨ ᠬᠤᠳᠠ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠬᠤᠳᠠ ᠶᠢᠨ ᠵᠡᠮᠳᠡᠭᠴᠤᠳ ᠤᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号