ᠷᠠᠰᠢᠶᠠᠨ ᠬᠤᠳᠠ ᠵᠠᠰᠠᠭ ᠤᠨ ᠤᠷᠳᠤᠨ ᠪᠠᠩᠭᠢ ᠶᠢ ᠵᠤᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/13
     9 ᠰᠠᠷ᠎ᠠ ᠶᠢᠨ 10 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠵᠠᠰᠠᠭ ᠪᠠᠩᠬᠢ ᠶᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠠᠯ ᠳᠡᠭᠡᠷ᠎ᠡ᠂ ᠷᠠᠰᠢᠶᠠᠨ ᠳᠤ ᠰᠠᠭᠤᠭ᠎ᠠ ᠡᠯ᠎ᠡ ᠪᠠᠩᠬᠢ ᠶᠢᠨ ᠪᠠᠶᠢᠭᠤᠯᠤᠮᠵᠢ ᠰᠠᠨᠠᠯ ᠢᠶᠠᠨ ᠰᠣᠯᠢᠯᠴᠠᠵᠣ ᠶᠠᠷᠢᠶ᠎ᠠ ᠲᠠᠯᠪᠢᠨ᠂ ᠬᠤᠲᠠ ᠶᠢᠨ ᠤᠳᠤᠷᠢᠳᠤᠯᠭ᠎ᠠ ᠰᠦᠨ ᠪᠠᠶ ᠴᠤᠸᠠᠨ ᠵᠢᠴᠢ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠠᠴᠠ᠂ ᠡᠯ᠎ᠡ ᠨᠢᠭᠡᠴᠢ᠂ ᠪᠠᠩᠬᠢ ᠶᠢᠨ ᠪᠠᠶᠢᠭᠤᠯᠤᠮᠵᠢ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠢᠯᠡᠭᠦᠬᠡᠨ ᠨᠡᠪᠲᠡᠷᠡᠯᠴᠡᠵᠦ᠂ ᠢᠯᠡᠭᠦᠬᠡᠨ ᠬᠠᠷᠢᠯᠴᠠᠵᠤ᠂ ᠬᠤᠤᠰ ᠴᠢᠭᠯᠡᠯ ᠢᠶᠠᠷ ᠤᠷᠤᠭᠰᠢᠯᠠᠵᠤ᠂ ᠷᠠᠰᠢᠶᠠᠨ ᠤ ᠬᠥᠭᠵᠢᠯᠲᠡ ᠳᠤ ᠣᠶᠢᠯᠡᠴᠢᠯᠡᠵᠦ᠂ ︽ᠵᠠᠰᠠᠭ᠂ ᠪᠠᠩᠬᠢ᠂ ᠠᠵᠤ ᠠᠬᠤᠶᠢᠯᠠᠯ︾ ᠢ ᠵᠣᠯᠭᠠᠭᠤᠯᠬᠤ ᠲᠦᠷᠢᠮ ᠢ ᠪᠠᠶᠢᠭᠤᠯᠵᠤ᠂ ︽ᠷᠠᠰᠢᠶᠠᠨ ᠢᠶᠠᠨ ᠬᠠᠶᠢᠷᠠᠯᠠᠬᠤ︾ ᠤᠬᠠᠮᠰᠠᠷ ᠢ ᠪᠣᠶ ᠪᠣᠯᠭᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠬᠠᠮᠤᠭ ᠤᠨ ᠲᠤᠯᠭᠠᠮ᠎ᠠ ᠡᠭᠦᠷᠭᠡ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠭᠦᠨᠵᠡᠭᠡᠶ ᠥᠷᠨᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠪᠠᠶᠢᠭᠠᠳ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠢ ᠨᠡᠭᠡᠭᠡᠵᠦ᠂ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠬᠠᠮᠲᠤ ᠡᠯ᠎ᠡ ᠪᠠᠩᠬᠢ ᠶᠢᠨ ᠪᠠᠶᠢᠭᠤᠯᠤᠮᠵᠢ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠬᠥᠭᠵᠢᠯᠲᠡ ᠶᠢ ᠠᠬᠢᠭᠤᠯᠬᠤ ᠶᠢᠨ ᠬᠠᠷᠢᠴᠠᠭ᠎ᠠ ᠶᠢ ᠲᠣᠬᠢᠲᠠᠶ ᠰᠠᠶᠢᠲᠤᠷ ᠡᠵᠡᠮᠳᠡᠵᠦ᠂ ᠬᠥᠭᠵᠢᠯᠲᠡ ᠶᠢᠨ ᠳᠤᠮᠳᠠ ᠠᠶᠤᠯ ᠲᠦᠭᠰᠢᠭᠦᠷᠢ ᠶᠢᠨ ᠬᠠᠳᠠᠭᠠᠯᠠᠯᠲᠠ ᠶᠢ ᠠᠷᠢᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠠᠵᠤ ᠠᠬᠤᠶ ᠬᠢᠭᠡᠳ ᠮᠥᠩᠭᠦᠨ ᠭᠦᠢᠯᠭᠡᠭᠡᠨ ᠤ ᠰᠠᠶᠢᠨ ᠣᠷᠴᠢᠯ ᠢ ᠠᠬᠢᠭᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠳᠡᠭᠡᠭᠰᠢᠯᠡᠭᠦᠯᠣᠨ᠂ ᠷᠠᠰᠢᠶᠠᠨ ᠤ ᠠᠵᠢᠯ ᠤᠨ ᠣᠨᠴᠠᠯᠢᠭ ᠲᠠᠢ ᠨᠡᠶᠢᠴᠡᠭᠰᠠᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠬᠰᠠᠨ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠪᠣᠯᠤᠨ ᠲᠦᠪᠰᠢᠨ ᠢ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠡᠪᠡ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号