ᠶᠠᠩ ᠶᠦᠩ ᠵᠢᠦ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/9/13
     9 ᠰᠠᠷ᠎ᠠ ᠶᠢᠨ 8 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠪᠦᠯ ᠤᠨ ᠤᠯᠠᠷᠢᠯ ᠤᠨ ᠵᠢᠭᠤᠯᠴᠢᠯᠠᠯ ᠢ ᠡᠷᠳᠡᠭᠡᠨ ᠲᠦᠯᠣᠪᠵᠢᠬᠦᠯᠵᠣ᠂ ᠵᠢᠭᠤᠯᠴᠢᠯᠠᠯ ᠤᠨ ᠬᠡᠷᠡᠭᠯᠡᠭᠡᠨ ᠤ ᠵᠢᠷᠭᠤᠭᠠᠨ ᠡᠯᠧᠮᠧᠨ᠋ᠲ ᠤᠨ ᠲᠣᠭᠤᠷᠢᠨ ᠳᠤ᠂ ᠬᠡᠷᠡᠭᠵᠢᠭᠦᠯᠬᠦ ᠲᠥᠰᠦᠯ ᠢ ᠰᠢᠯᠢᠳᠡᠭᠵᠢᠭᠦᠯᠣᠨ᠂ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠪᠣᠳᠠᠲᠠᠶᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠶᠢᠰᠦᠨ ᠨᠢᠭᠡ︾ ᠶᠢᠨ ᠭᠤᠣᠯ ᠵᠢᠭᠤᠯᠴᠢᠯᠠᠯ ᠤᠨ ᠦᠢᠯᠡᠳᠬᠦᠨ ᠬᠢᠭᠡᠳ ᠳᠥᠷᠪᠡᠨ ᠭᠤᠤᠯ ᠰᠡᠳᠦᠪᠲᠦ ᠱᠤᠭᠤᠮ ᠢ ᠣᠷᠭᠠᠨᠢᠭ ᠢᠶᠠᠷ ᠠᠭᠤᠰᠤᠯᠴᠠᠭᠤᠯᠵᠤ᠂ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠨᠠᠷᠢᠨ ᠵᠦᠢᠯᠡᠰ ᠢ ᠡᠵᠡᠮᠳᠡᠬᠦ ᠶᠢ ᠴᠢᠩᠭᠠᠳᠬᠠᠵᠤ᠂  ᠬᠠᠷᠢᠯᠴᠠᠨ ᠬᠥᠳᠡᠯᠦᠯᠴᠡᠵᠦ᠂ ᠣᠷᠴᠢᠨ ᠲᠣᠭᠤᠷᠢᠨ ᠢ ᠪᠣᠶ ᠪᠣᠯᠭᠠᠬᠤ᠂ ᠫᠷᠤᠭ᠍ᠷᠠᠮ ᠢ ᠳᠡᠯᠭᠡᠷᠡᠭᠦᠯᠬᠦ᠂ ᠤᠬᠠᠭᠤᠯᠤᠨ ᠲᠠᠨᠢᠯᠴᠠᠭᠤᠯᠬᠤ ᠵᠡᠷᠭᠡ ᠡᠭᠦᠷᠭᠡ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠷᠠᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠰᠤᠳᠤᠯᠤᠨ ᠰᠤᠷᠤᠯᠴᠠᠬᠤ᠂ ᠵᠢᠯ ᠤᠨ ᠬᠤᠷᠠᠯ᠂ ᠨᠡᠶᠢᠭᠡᠮ ᠤᠨ ᠲᠠᠯ᠎ᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠪᠠᠷ ᠭᠠᠷᠳᠠᠴᠠ ᠪᠣᠯᠭᠠᠵᠤ᠂ ᠲᠤᠰᠬᠠᠢ ᠮᠡᠷᠭᠡᠵᠢᠯ ᠤᠨ ᠤᠬᠠᠭᠤᠯᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠤᠬᠠᠭᠤᠯᠤᠨ ᠲᠠᠨᠢᠯᠴᠠᠭᠤᠯᠬᠤ ᠶᠢ ᠢᠳᠡᠪᠬᠢᠲᠡᠢ ᠥᠷᠨᠢᠭᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠨ᠂ ᠦᠢᠯᠡᠳᠬᠦᠨ ᠢ ᠬᠠᠮᠲᠤᠪᠠᠷ ᠡᠳ᠋ᠯᠡᠬᠦ᠂ ᠬᠠᠮᠲᠤᠷᠠᠨ ᠲᠠᠨᠢᠯᠴᠠᠭᠤᠯᠬᠤ ᠶᠢ ᠪᠡᠶᠡᠯᠡᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠦᠷᠦᠯ ᠲᠡᠮᠳᠡᠭ ᠢ ᠦᠷᠭᠦᠯᠵᠢᠯᠡᠨ ᠳᠠᠭᠤᠷᠢᠰᠤᠭᠤᠯᠬᠤ ᠬᠡᠷᠡᠭᠲᠡᠢ ᠭᠡᠵᠣ ᠴᠢᠬᠤᠯᠠᠴᠢᠯᠡᠵᠡᠢ᠃      ᠬᠤᠲᠠ ᠶᠢᠨ ᠤᠳᠤᠷᠢᠳᠤᠯᠭ᠎ᠠ ᠸᠠᠩ ᠰᠢᠶᠤᠤ ᠬᠤᠸᠠᠨ᠂ ᠸᠠᠩ ᠲᠢᠶᠠᠨ ᠹᠧᠩ᠂ ᠬᠠᠨ ᠴᠠᠩ ᠵᠢᠦ᠂ ᠶᠠᠩ ᠪᠦᠦ ᠲᠢᠶᠠᠨ᠂ ᠲᠠᠢ ᠬᠠᠶ ᠹᠧᠩ᠂ ᠪᠠᠶ ᠹᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号