ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/9/13
     ᠬᠠᠷᠢᠶ᠎ᠠ ᠣᠷᠣᠨ ᠤ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠬᠢᠯᠢ ᠶᠢᠨ ᠲᠣᠮᠢᠯᠠᠭᠰᠠᠨ ᠰᠠᠯᠪᠤᠷᠢ ᠵᠢᠴᠢ ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ ᠲᠠᠢ ᠬᠠᠮᠲᠤᠷᠠᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠷᠢᠶ᠎ᠠ ᠣᠷᠣᠨ ᠤ ᠣᠯᠠᠨ ᠲᠦᠮᠡᠨ ᠳᠤ ᠠᠮᠢᠨ ᠬᠡᠷᠡᠭ ᠤᠨ ᠬᠤᠤᠷ ᠬᠥᠨᠥᠭᠡᠯ᠂ ᠠᠮᠢᠨ ᠬᠡᠷᠡᠭ ᠡᠭᠦᠰᠬᠦ ᠪᠠᠶᠢᠩᠭᠤ ᠲᠣᠬᠢᠶᠠᠯᠳᠤᠬᠤ ᠰᠢᠯᠲᠠᠭᠠᠨ ᠵᠢᠴᠢ ᠠᠮᠢᠨ ᠬᠡᠷᠡᠭ ᠡᠭᠦᠰᠬᠦ ᠶᠢ ᠬᠡᠷᠬᠢᠨ ᠤᠷᠢᠳᠴᠢᠯᠠᠨ ᠰᠡᠷᠭᠡᠶᠢᠯᠡᠬᠦ ᠲᠤᠬᠠᠶ ᠨᠠᠷᠢᠨ ᠲᠠᠨᠢᠯᠴᠠᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠯᠠᠪᠳᠠᠭᠤᠨ ᠲᠣᠭᠲᠠᠭᠤᠨ ᠢᠶᠠᠷ ᠵᠥᠷᠢᠴᠡᠯ ᠵᠢᠭᠤᠷᠠᠯᠳᠤᠭᠠᠨ ᠢ ᠣᠶᠤᠨᠴᠢ ᠪᠠᠷ ᠰᠢᠢᠳᠪᠦᠷᠢᠯᠡᠬᠦ ᠶᠢ ᠰᠠᠨᠠᠭᠤᠯᠬᠤ ᠶᠢᠨ ᠬᠠᠮᠲᠤ  ᠭᠱᠠᠨ ᠵᠠᠭᠤᠷ᠎ᠡ ᠶᠢᠨ ᠰᠢᠯᠳᠡᠭᠠᠨ ᠠᠴᠠ ᠪᠣᠯᠵᠣ ᠡᠭᠡᠭᠦᠯᠦᠨ ᠠᠪᠴᠢᠷᠠᠵᠣ ᠲᠠᠶᠢᠯᠣᠰᠢ ᠦᠭᠡᠢ ᠦᠷ᠎ᠡ ᠳ᠋ᠦᠩ ᠭᠠᠷᠬᠤ ᠠᠴᠠ ᠵᠠᠶᠢᠯᠠᠰᠬᠢᠬᠦ ᠶᠢᠨ ᠬᠠᠮᠲᠤ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠶ ᠦᠷ᠎ᠡ ᠳ᠋ᠦᠩ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠣᠯᠠᠨ ᠲᠦᠮᠡᠨ ᠳᠤ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠢ ᠲᠤᠷᠰᠢᠯᠭ᠎ᠠ ᠪᠠ ᠲᠥᠷᠥᠭᠳᠡᠯ ᠢᠶᠠᠨ ᠭᠦᠨᠵᠡᠭᠡᠶ ᠲᠠᠨᠢᠭᠤᠯᠵᠤ᠂ ᠣᠯᠠᠨ ᠢ ᠠᠮᠤᠷ ᠲᠦᠪᠰᠢᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠪᠠ᠃ ᠡᠭᠦᠨ ᠤ ᠬᠠᠮᠲᠤ ᠪᠠᠰᠠ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ᠂ ᠬᠠᠶᠢᠷ᠎ᠠ ᠰᠡᠳᠬᠢᠯᠭᠡ ᠶᠢᠨ ᠵᠢᠭᠤᠷᠠᠯᠳᠤᠭᠠᠨ ᠵᠡᠷᠭᠡ ᠠᠮᠠᠷᠬᠠᠨ ᠡᠭᠦᠰᠳᠡᠭ ᠬᠡᠷᠡᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃      ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠬᠤ ᠶᠢᠨ ᠬᠠᠮᠲᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠶ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠠᠵᠢᠯᠲᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠥᠯᠢᠭᠡᠷ ᠢ ᠶᠠᠷᠢᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠲᠠᠯᠠᠪᠤᠷ ᠲᠤ ᠣᠯᠠᠨ ᠲᠦᠮᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠢ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠲᠡᠭᠦᠨ ᠳᠤ ᠣᠷᠣᠯᠴᠠᠬᠤ ᠶᠢ ᠤᠷᠢᠶᠠᠯᠠᠪᠠ᠃      ᠲᠢᠶᠠᠨ ᡂᠢ ᠪᠠᠯᠭᠠᠰᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠢᠯᠢ ᠶᠢᠨ ᠲᠣᠮᠢᠯᠠᠭᠰᠠᠨ ᠰᠠᠯᠪᠤᠷᠢ ᠵᠢᠴᠢ ᠴᠠᠰᠤᠲᠤ ᠬᠤᠲᠠ ᠶᠢᠨ ᠠᠯᠪᠠᠨ ᠵᠢᠷᠤᠮ ᠤᠨ ᠴᠠᠭᠳᠠᠭ᠎ᠠ ᠲᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠠᠮᠤᠭᠤᠯᠠᠩ᠂ ᠡᠶ᠎ᠡ ᠵᠣᠬᠢᠴᠠᠩᠭᠤᠶ᠂ ᠲᠣᠭᠲᠠᠭᠤᠨ  ᠲᠢᠶᠠᠨ ‍ᠣᠣᠢ ᠪᠠᠯᠭᠠᠰᠣ ᠶᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠦᠭᠴᠣ ᠪᠠᠶᠢᠨ᠎ᠠ᠃    
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号