ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠤᠰᠬᠠᠶ ᠰᠡᠳᠦᠪᠲᠦ ᠤᠬᠠᠭᠤᠯᠭ᠎ᠠ  ᠬᠢᠪᠡ
ᠨᠡᠶᠢᠲᠡᠯᠡᠭᠰᠡᠨ ᠴᠠᠭ᠄
2024/9/14
      ᠤᠶᠢᠷ᠎ᠠ ᠳᠤ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠴᠦ ᠣᠷᠴᠢᠨ ᠲᠣᠭᠤᠷᠢᠨ ᠢ ᠴᠡᠪᠡᠷᠰᠢᠭᠦᠯᠬᠦ︾ ᠲᠤᠰᠬᠠᠶ ᠰᠡᠳᠦᠪᠲᠦ ᠤᠬᠠᠭᠤᠯᠭ᠎ᠠ ᠶᠢ ᠵᠣᠬᠢᠶᠠᠨ ᠪᠠᠶᠢᠭᠤᠯᠪᠠ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠪᠠ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠢ ᠨᠠᠩ ᠰᠠᠶᠢᠲᠤᠷ ᠣᠶᠢᠯᠠᠭᠠᠭᠤᠯᠤᠨ ᠳᠡᠮᠵᠢᠵᠦ᠂ ᠡᠷᠡᠭᠦᠯ ᠰᠠᠶᠢᠬᠠᠨ᠂ ᠡᠶ᠎ᠡ ᠵᠣᠬᠢᠴᠠᠩᠭᠤᠶ᠂ ᠪᠣᠯᠪᠠᠰᠤᠨ ᠰᠣᠶᠣᠯ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ ᠶᠤᠮ᠃       ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠭᠰᠠᠨ ᠪᠥᠭᠡᠳ ᠰᠠᠭᠤᠭᠠᠯᠢ ᠠᠷᠠᠳ ᠲᠤ ᠨᠠᠷᠢᠨ ᠲᠣᠳᠣᠷᠬᠠᠶ ᠲᠠᠶᠢᠯᠤᠮᠵᠢ ᠬᠢᠵᠣ᠂ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠲᠣᠮᠢᠶᠠᠯᠠᠯ᠂ ᠵᠣᠷᠢᠯᠭ᠎ᠠ᠂ ᠠᠴᠢ ᠬᠤᠯᠪᠣᠭᠳᠠᠯ ᠵᠢᠴᠢ ᠬᠠᠤᠯᠢ ᠪᠤᠰᠤ ᠪᠦᠳᠣᠭᠡᠭᠳᠡᠬᠦᠨ ᠪᠠ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠶᠢ ᠬᠡᠷᠬᠢᠨ ᠢᠯᠭᠠᠨ ᠲᠠᠨᠢᠬᠤ ᠵᠡᠷᠭᠡ  ᠠᠭᠤᠯᠭ᠎ᠠ ᠶᠢ ᠬᠠᠮᠤᠷᠴᠠᠶ᠃ ᠡᠭᠦᠨ ᠠᠴᠠ ᠭᠠᠳᠠᠨ᠎ᠠ᠂ ᠠᠵᠢᠯᠲᠠᠳ ᠪᠠᠰᠠ ᠥᠷᠭᠡᠨ ᠣᠯᠠᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠢ ᠠᠩᠬᠠᠷᠴᠤ᠂ ᠡᠷᠡᠭᠦᠯ ᠪᠤᠰᠤ ᠮᠡᠳᠡᠭᠡ ᠵᠠᠩᠭᠢ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠣᠨᠴᠠᠭᠠᠶᠢᠯᠠᠨ ᠰᠠᠨᠠᠭᠤᠯᠪᠠ᠃       ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠣᠯᠠᠨ ᠳᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠭᠰᠠᠨ ᠢᠶᠠᠷ ᠪᠠᠷᠠᠬᠤ ᠥᠬᠡᠶ᠂ ᠨᠠᠩ ᠴᠤ ᠣᠯᠠᠨ ᠤ ᠰᠦᠯᠵᠢᠶᠡᠨ ᠤ ᠡᠷᠡᠭᠦᠯ ᠪᠤᠰᠤ ᠮᠡᠳᠡᠭᠡ ᠵᠠᠩᠭᠢ ᠶᠢ ᠢᠯᠭᠠᠨ ᠲᠠᠨᠢᠬᠤ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠡᠶ᠃ ᠰᠠᠭᠤᠭᠠᠯᠢ ᠠᠷᠠᠳ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠨᠡᠶᠢᠭᠡᠮ ᠲᠣᠭᠤᠷᠢᠭ ᠤᠨ ᠰᠣᠶᠣᠯ ᠤᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠨ᠎ᠠ ᠬᠡᠵᠡᠢ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号