ᠷᠡᠰᠢᠶᠠᠨ ᠬᠤᠳᠡ ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/14
      2024 ᠤᠨ ᠪᠣᠯ ᠶᠡᠷᠦᠩᠬᠡᠢ ᠱᠦᠵᠢ ᠰᠢ ᠶᠢᠨ ᠫᠢᠩ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠷᠠᠯᠲᠠ 10 ᠵᠢᠯ ᠤᠨ ᠤᠢ ᠪᠣᠯᠣᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠷᠡᠰᠢᠶᠠᠨ ᠬᠤᠳᠡ  ᠶᠢᠨ ᠯᠢᠨ ᠬᠠᠢ ᠵᠡᠭᠡᠯᠢ ᠶᠢᠨ ᠲᠢᠶᠠᠨ ᠶᠤᠸᠠᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠲᠠᠢ ᠬᠠᠮᠲᠤᠷᠠᠨ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠭᠡᠬᠦ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠡᠢ᠃       ᠰᠦᠯᠵᠢᠶᠡᠨ ᠳᠡᠭᠡᠷ᠎ᠡ ᠤᠬᠠᠭᠤᠯᠭ᠎ᠠ ᠶᠢ ᠪᠦᠷᠢᠨ ᠪᠦᠷᠬᠦᠭᠦᠯᠪᠡ᠃ ᠰᠦᠯᠵᠢᠶᠡᠨ ᠳᠡᠭᠡᠷᠡᠬᠢ ᠮᠡᠳᠡᠭᠡ ᠵᠠᠩᠭᠢ ᠳᠠᠮᠵᠢᠭᠤᠯᠬᠤ ᠬᠤᠷᠳᠤᠴᠠ ᠲᠦᠷᠭᠡᠨ ᠪᠠᠶᠢᠵᠤ᠂ ᠬᠠᠮᠤᠷᠬᠤ ᠬᠡᠪᠴᠢᠶ᠎ᠡ ᠥᠷᠭᠡᠨ ᠣᠨᠴᠠᠯᠢᠭ ᠢ ᠠᠰᠢᠭᠯᠠᠨ᠂ ᠰᠠᠭᠤᠭᠠᠯᠢ ᠠᠷᠠᠳ ᠤᠨ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠸᠢᠳᠢᠣ᠋ ᠵᠢᠴᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠪᠠᠶᠢᠩᠭᠤ ᠲᠣᠬᠢᠶᠠᠯᠳᠤᠳᠠᠭ ᠲᠥᠷᠥᠯ ᠬᠡᠯᠪᠡᠷᠢ ᠵᠡᠷᠭᠡ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠨᠡᠶᠢᠲᠡᠯᠡᠵᠦ᠂ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠦᠵᠡᠯ ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃       ᠰᠦᠯᠵᠢᠶᠡᠨ ᠭᠠᠳᠠᠨᠠᠬᠢ ᠤᠬᠠᠭᠤᠯᠭ᠎ᠠ ᠳᠤ ᠣᠯᠠᠨ ᠭᠠᠵᠡᠷ ᠢ ᠬᠠᠮᠣᠷᠭᠤᠯᠪᠡ᠃ ︽ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠨᠢᠭᠤᠷᠳᠠᠨ ᠲᠠᠶᠢᠯᠪᠤᠷᠢᠯᠠᠵᠤ᠂ ᠣᠯᠠᠨ ᠳᠤ ᠰᠦᠯᠵᠢᠶᠡᠨ ᠤ ᠮᠡᠬᠡᠯᠡᠯ ᠳᠤ ᠦᠷᠭᠦᠯᠵᠢ ᠲᠣᠬᠢᠶᠠᠯᠳᠤᠳᠠᠭ ᠠᠷᠭ᠎ᠠ ᠪᠠᠷᠢᠯ ᠢ ᠲᠠᠶᠢᠯᠪᠤᠷᠢᠯᠠᠨ ᠥᠭᠴᠦ᠂  ᠠᠷᠡᠳ ᠲᠦᠮᠡᠨ ᠢ ᠰᠦᠯᠵᠢᠶᠡᠨ ᠤ ᠠᠮᠤᠷ ᠲᠦᠪᠰᠢᠨ ᠤ ᠵᠥᠪ ᠦᠵᠡᠯᠲᠡ ᠶᠢ ᠪᠤᠢ ᠪᠣᠯᠭᠠᠬᠤ ᠬᠡᠷᠡᠭᠲᠡᠢ ᠭᠡᠵᠦ ᠰᠠᠨᠠᠭᠤᠯᠪᠠ᠃       ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠳᠤ ᠢᠨᠲ᠋ᠧᠷ ᠰᠦᠯᠵᠢᠶᠡᠨ ᠤ ᠲᠥᠬᠦᠮ ᠨᠥᠬᠦᠴᠡᠯ ᠢ ᠬᠦᠷᠲᠡᠭᠡᠬᠦ ᠶᠢᠨ ᠬᠠᠮᠲᠤ ᠪᠠᠰᠠ ᠥᠪᠡᠷ ᠤᠨ ᠰᠦᠯᠵᠢᠶᠡᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠵᠤ ᠴᠢᠳᠠᠬᠤ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠢᠳᠡᠪᠬᠢᠳᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠯᠢᠨ ᠬᠠᠢ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号