ᠬᠤᠲᠠ ᠶᠢᠨ ᠳᠡᠳ᠋ ᠳᠠᠷᠤᠭ᠎ᠠ ᠦ᠋ ᠫᠸᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠨᠦᠮᠦᠷᠭᠡᠨ ᠨᠡᠶᠢᠭᠡᠮ ᠲᠣᠭᠤᠷᠢᠭ ᠢᠶᠠᠷ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ  ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠡ
ᠨᠡᠶᠢᠲᠡᠯᠡᠭᠰᠡᠨ ᠴᠠᠭ᠄
2024/9/14
     ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠷᠠᠰᠢᠶᠠᠨ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠂ ᠬᠤᠳᠠ ᠶᠢᠨ ᠳᠡᠳ᠋ ᠳᠠᠷᠤᠭ᠎ᠠ ᠦ᠋ ᠫᠸᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠢᠷᠪᠢᠰ ᠵᠡᠭᠡᠯᠢ  ᠶᠢᠨ ᠨᠦᠮᠦᠷᠭᠡᠨ ᠨᠡᠶᠢᠭᠡᠮ ᠲᠣᠭᠤᠷᠢᠭ ᠢᠶᠠᠷ ᠬᠦᠷᠴᠣ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠦ᠋ ᠫᠸᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠭᠤᠣᠯ ᠰᠡᠳᠦᠪ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠰᠡᠳᠬᠢᠴᠡ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃      ᠦ᠋ ᠫᠸᠢ᠂ ᠨᠢᠭᠡ ᠳᠤ᠂ ︽ᠰᠠᠶᠢᠲᠤᠷ ᠰᠤᠷᠤᠯᠴᠠᠬᠤ︾ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠣᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠭᠦᠢᠴᠡᠳ ᠨᠢᠭᠲᠠᠷᠠᠭᠤᠯᠬᠤ ᠬᠡᠷᠡᠭᠲᠡᠶ᠃ ᠬᠤᠶᠠᠷ ᠲᠤ᠂ ︽ᠪᠣᠳᠠᠲᠠᠢ ᠡᠷᠬᠢᠮᠯᠡᠬᠦ︾ ᠠᠵᠢᠯ ᠢ ᠰᠠᠶᠢᠳᠣᠷ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠲᠤᠰᠬᠠᠢ ᠺᠠᠳ᠋ᠷ᠂ ᠰᠠᠶᠢᠨ ᠳᠤᠷ᠎ᠠ ᠶᠢᠨ ᠣᠶᠢᠯᠡᠴᠢᠯᠡᠭᠴᠢ ᠵᠢᠴᠢ ᠲᠣᠣᠷᠵᠢᠭᠤᠯᠤᠭᠴᠢ ᠳᠤ ᠲᠦᠰᠢᠭᠯᠡᠨ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ  ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠯ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠳᠡᠢ᠃ ᠭᠤᠷᠪᠠ ᠳᠤ᠂ ︽ᠪᠣᠳᠠᠲᠠᠶ ᠬᠡᠷᠡᠭᠯᠡᠬᠦ︾  ᠠᠵᠢᠯ ᠢ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠨᠡᠶᠢᠭᠡᠮ ᠲᠣᠭᠤᠷᠢᠭ ᠨᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠣᠯᠠᠨ ᠲᠦᠮᠡᠨ ᠲᠠᠢ ᠰᠢᠭᠤᠳ ᠣᠶᠢᠷᠠᠳᠬᠤ ᠪᠠ ᠦᠢᠯᠡᠴᠢᠯᠡᠬᠦ ᠨᠠᠮ ᠤᠨ ᠵᠣᠬᠢᠶᠠᠨ ᠪᠠᠶᠢᠭᠤᠯᠤᠯᠲᠠ ᠪᠣᠯᠤᠨ᠎ᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠳᠠᠬᠢ ᠦᠨᠳᠦᠰᠦᠨ ᠱᠠᠲᠤᠨ ᠤ ᠵᠠᠰᠠᠯᠲᠠ ᠶᠢᠨ ᠲᠤᠬᠠᠶ ᠴᠢᠬᠤᠯᠠ ᠥᠭᠦᠯᠡᠯᠲᠡ ᠶᠢ ᠣᠨᠣᠪᠴᠢᠲᠠᠶ ᠣᠶᠢᠯᠠᠭᠠᠵᠤ᠂ ᠣᠳᠣᠬᠠᠨ ᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠂ ᠬᠠᠷᠠᠯᠲᠡᠳᠣ ᠴᠢᠭᠯᠡᠯ ᠢᠶᠠᠷ ᠬᠦᠴᠦᠯᠡᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠣ ᠴᠢᠬᠤᠯᠠᠴᠢᠯᠡᠵᠡᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号