ᠡ᠊ᠨᠠ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠡᠯ᠎ᠠ ᠱᠠᠳᠤᠨ ᠤ ᠬᠦᠮᠤᠨ ᠤ ᠬᠦᠴᠤᠨ ᠤ ᠡᠬᠢ ᠪᠠᠶᠠᠯᠢᠭ | ᠪᠠ ᠨᠡᠶᠢᠭᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠭᠡᠷᠡᠭᠴᠡᠭᠡ ᠶᠢ ᠦᠨᠳᠤᠰᠤᠯᠠᠨ ︽1133 ᠲᠠᠩᠰᠠ | ᠵᠠᠬᠢᠶᠠᠯᠠᠬᠤ ᠬᠡᠯᠪᠡᠷᠢ︾ ᠶᠢᠨ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠴᠢᠯᠡᠭᠡ ᠬᠠᠩᠭᠠᠵᠤ᠂ ᠲᠠᠷᠤᠢ 1 | ᠤᠳᠠᠭ᠎ᠠ ᠪᠤᠯᠪᠠᠰᠤᠷᠠᠯ ᠳᠤ ᠤᠷᠤᠯᠴᠠᠬᠤ ᠰᠠᠨᠠᠮᠵᠢ ᠶᠢᠨ ᠪᠠᠶᠢᠴᠠᠭᠠᠯᠳᠠ ᠬᠢᠬᠦ᠂ 1 ᠤᠳᠠᠭᠠᠨ ᠤ ᠪᠤᠯᠪᠠᠰᠤᠷᠠᠯ ᠤᠨ | ᠦᠢᠯᠡᠴᠢᠯᠡᠭᠡ ᠬᠠᠩᠭᠠᠬᠤ᠂ 3 ᠤᠳᠠᠭᠠᠨ ᠤ ᠠᠵᠢᠯ ᠤᠨ ᠪᠠᠶᠢᠷᠢ ᠲᠠᠨᠢᠯᠴᠠᠭᠤᠯᠬᠤ᠂ 3 ᠤᠳᠠᠭᠠᠨ ᠤ ᠠᠵᠢᠯ ᠤᠨ | ᠪᠠᠶᠢᠷᠢ ᠶᠢᠨ ᠪᠠᠶᠢᠳᠠᠯ ᠢ ᠮᠦᠷᠳᠡᠨ ᠪᠠᠶᠢᠴᠠᠭᠠᠬᠤ ᠵᠡᠷᠭᠡ ᠪᠤᠯᠤᠨ᠎ᠠ᠃ ᠤᠳᠤ ᠪᠤᠯᠳᠠᠯ᠎ᠠ᠂ ᠬᠢᠩᠭᠠᠨ ᠠᠶᠢᠮᠠᠭ | ᠭᠡᠷᠡᠭᠴᠡᠭᠡ ᠶᠢ ᠦᠨᠳᠤᠰᠤᠯᠡᠨ ᠨᠡᠶᠢᠳᠠ 10492 ᠬᠦᠮᠤᠨ ᠤ ᠠᠵᠢᠯ ᠮᠡᠷᠭᠡᠵᠢᠯ ᠤᠨ ᠪᠤᠯᠪᠠᠰᠤᠷᠠᠯ ᠢ ᠡᠷᠬᠢᠯᠡᠵᠤ᠂ | ᠪᠦᠬᠦ ᠵᠢᠯ ᠤᠨ ᠠᠵᠢᠯ ᠤᠨ ᠬᠠᠷᠠᠯᠳᠠ ᠶᠢᠨ 99.92% ᠢ ᠪᠡᠶᠡᠯᠡᠬᠦᠯᠪᠡ᠃ | ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠡᠳᠤᠭᠡᠷ ᠪᠠᠯᠭᠠᠰᠤᠨ ᠤ ᠲᠤᠸᠠᠨ ᠵᠢᠶᠧ ᠲᠤᠰᠬᠤᠨ ᠤ | ᠳᠠᠷᠢᠶᠠᠴᠢᠨ ᠪᠤᠥ ᠰᠢᠣ ᠵᠧ ᠡ᠊ᠨᠠ ᠵᠢᠯ 40 ᠨᠠᠰᠤᠳᠠᠢ᠂ ᠳᠡᠷᠡ ᠰᠤᠷᠭᠠᠭᠤᠯᠢ ᠠᠴᠠ ᠪᠠᠨ ᠰᠠᠯᠤᠭᠠᠳ ᠤᠯᠠᠨ ᠵᠢᠯ | ᠪᠤᠯᠤᠭᠠᠳ ᠲᠠᠬᠢᠨ ᠬᠢᠴᠢᠶᠡᠯ ᠤᠨ ᠲᠠᠩᠬᠢᠮ ᠳᠤ ᠪᠤᠴᠠᠬᠤ ᠶᠢ ᠶᠡᠷᠤ ᠪᠤᠳᠤᠵᠤ ᠦᠩᠭᠡᠷᠡᠭᠡ ᠦᠭᠡᠢ᠃ ︽ᠭᠡᠷ ᠤᠨ | ᠲᠠᠷᠢᠶ᠎ᠠ ᠶᠢ ᠭᠠᠭᠴᠠ ᠬᠦᠮᠤᠨ ᠬᠠᠮᠢᠶᠠᠷᠪᠠᠯ ᠪᠤᠯᠴᠢᠬᠠᠨ᠎ᠠ᠂ ᠪᠢ ᠰᠡᠯᠡᠬᠦᠥ ᠴᠠᠭ ᠢᠶᠠᠷ ᠢᠶᠠᠨ ᠠᠵᠢᠯ ᠬᠢᠬᠦ ᠪᠠᠷ | ᠪᠤᠳᠤᠭᠰᠠᠨ ᠴᠤ ᠶᠠᠮᠠᠷᠴᠤ ᠮᠡᠷᠭᠡᠵᠢᠯ ᠦᠭᠡᠢ᠂ ᠤᠶᠢᠷ᠎ᠠ ᠳᠤ᠂ ᠰᠦᠢᠳᠭᠡᠯ ᠬᠤᠷᠢᠶᠠᠬᠤ ᠦᠭᠡᠢ ᠪᠠᠷ ᠭᠤᠯᠢᠷ ᠢᠳᠡᠭᠡᠨ | ᠵᠤᠬᠢᠶᠠᠬᠤ ᠪᠤᠯᠪᠠᠰᠤᠷᠠᠯ ᠡᠷᠬᠢᠯᠡᠬᠦ ᠳᠤ ᠨᠡᠷ᠎ᠠ ᠮᠡᠳᠡᠬᠦᠯᠤᠭᠡᠳ ᠰᠤᠷᠤᠯᠴᠠᠬᠤ ᠪᠠᠷ ᠢᠷᠡᠪᠡ︾ ᠭᠡᠵᠤ ᠪᠠᠶᠠᠷᠳᠠᠢ ᠶᠠᠷᠢᠨ᠎ᠠ᠃ | | ᠡᠮᠤᠨᠡᠳᠤ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ | ᠲᠤᠪᠴᠢᠶ᠎ᠠ ᠶᠢᠨ ᠵᠤᠬᠢᠶᠠᠨ ᠪᠠᠶᠢᠭᠤᠯᠤᠭᠰᠠᠨ ᠭᠤᠯᠢᠷ ᠢᠳᠡᠭᠡᠨ ᠵᠤᠬᠢᠶᠠᠬᠤ ᠪᠤᠯᠪᠠᠰᠤᠷᠠᠯ ᠳᠤ ᠤᠷᠤᠯᠴᠠᠭᠰᠠᠨ ᠤ | ᠲᠠᠷᠠᠭ᠎ᠠ᠂ ᠪᠤᠤ ᠰᠢᠣ ᠵᠧ ᠦᠷᠯᠤᠭᠡ ᠶᠢᠨ ᠬᠤᠭᠤᠯᠠ ᠶᠢᠨ ᠲᠡᠯᠭᠡᠬᠦᠷ ᠨᠡᠭᠡᠭᠡᠵᠤ᠂ ᠦᠷᠯᠤᠭᠡ ᠪᠦᠷᠢ 6 ᠴᠠᠭ ᠲᠤ | ᠲᠡᠯᠭᠡᠬᠦᠷ ᠢᠶᠠᠨ ᠡᠬᠢᠯᠡᠨ ᠡᠵᠡᠩᠨᠡᠵᠤ᠂ ᠬᠡᠳᠦ᠋ᠢᠪᠠᠷ ᠶᠠᠭᠠᠷᠠᠯᠳᠠᠢ ᠪᠤᠯᠪᠠᠴᠤ ᠦᠪᠠᠷ ᠤᠨ ᠠᠵᠤ ᠦᠢᠯᠡᠰ ᠢᠶᠠᠨ ᠡᠷᠬᠢᠯᠡᠨ | ᠂ ᠰᠠᠷ᠎ᠠ ᠪᠦᠷᠢ 5000 ᠭᠠᠷᠤᠢ ᠲᠦᠬᠦᠷᠢᠭ ᠤᠯᠵᠤ ᠴᠢᠳᠠᠬᠤ ᠪᠤᠯᠤᠯ᠎ᠠ᠃ | ᠠᠵᠢᠯ ᠮᠡᠷᠭᠡᠵᠢᠯ ᠤᠨ ᠪᠤᠯᠪᠠᠰᠤᠷᠠᠯ ᠪᠤᠯ ᠬᠦᠳᠠᠯᠮᠤᠷᠢᠴᠢᠳ ᠤᠨ ᠦᠢᠯᠡᠰ ᠪᠤᠰᠬᠠᠬᠤ ᠴᠢᠳᠠᠪᠤᠷᠢ ᠶᠢ ᠪᠦᠬᠦ | ᠲᠠᠯ᠎ᠠ ᠪᠠᠷ ᠲᠡᠭᠡᠭᠰᠢᠯᠡᠬᠦᠯᠬᠦ᠂ ᠪᠦᠳᠤᠴᠠ ᠶᠢᠨ ᠴᠢᠨᠠᠷᠳᠠᠢ ᠠᠵᠢᠯ ᠤᠯᠬᠤ ᠵᠦᠷᠢᠴᠡᠯ ᠢ ᠰᠶᠢᠳᠪᠤᠷᠢᠯᠡᠬᠦ᠂ ᠠᠵᠢᠯ | ᠤᠯᠬᠤ ᠶᠠᠰᠤ ᠴᠢᠨᠠᠷ ᠢ ᠲᠡᠭᠡᠭᠰᠢᠯᠡᠬᠦᠯᠬᠦ ᠦᠨᠳᠤᠰᠤᠨ ᠠᠷᠭ᠎ᠠ ᠠᠪᠴᠠᠯ ᠪᠤᠯᠤᠨ᠎ᠠ᠃ ︽ᠮᠡᠷᠭᠡᠵᠢᠯ ᠰᠤᠷᠤᠯᠴᠠᠬᠤ ᠳᠤ | ᠵᠤᠭᠤᠰ ᠵᠠᠷᠤᠴᠠᠭᠤᠯᠬᠤ ᠦᠭᠡᠢ᠂ ᠰᠤᠷᠤᠭᠰᠠᠨ ᠮᠡᠷᠭᠡᠵᠢᠯ ᠢᠶᠠᠷ ᠢᠶᠠᠨ ᠠᠵᠢᠯ ᠤᠯᠵᠤ ᠬᠢᠬᠦ ᠨᠢ ᠮᠠᠯᠴᠢᠨ | ᠲᠠᠷᠢᠶᠠᠴᠢᠳ ᠤᠨ ᠠᠵᠢᠯ ᠤᠯᠬᠤ ᠬᠠᠮᠤᠭ ᠰᠠᠶᠢᠨ ᠠᠷᠭ᠎ᠠ ᠵᠠᠮ ᠪᠤᠯᠤᠭᠰᠠᠨ ᠪᠠᠶᠢᠨ᠎ᠠ︾ ᠭᠡᠵᠤ ᠡᠮᠤᠨᠡᠳᠤ | ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠠᠵᠢᠯ ᠤᠯᠭᠤᠬᠤ ᠦᠢᠯᠡᠴᠢᠯᠡᠭᠡᠨ ᠤ ᠲᠦᠪ ᠤᠨ | ᠡᠷᠬᠢᠯᠡᠭᠴᠢ ᠬᠤᠸᠠᠩ ᠭᠠᠩ ᠶᠠᠷᠢᠨ᠎ᠠ᠃ | ᠪᠦᠬᠦ ᠠᠶᠢᠮᠠᠭ ᠲᠤ ᠪᠤᠥ ᠰᠢᠥ ᠵᠧ ᠲᠠᠢ ᠠᠳᠠᠯᠢ ᠠᠵᠢᠯ ᠮᠡᠷᠭᠡᠵᠢᠯ ᠤᠨ ᠪᠤᠯᠪᠠᠰᠤᠷᠠᠯ ᠢᠶᠠᠷ ᠠᠵᠢᠯ ᠤᠯᠬᠤ | ᠬᠦᠴᠢᠷᠳᠠᠯ ᠢᠶᠠᠨ ᠰᠶᠢᠳᠪᠤᠷᠢᠯᠡᠭᠰᠡᠨ ᠬᠦᠮᠤᠰ ᠤᠯᠠᠨ ᠪᠤᠢ᠃ | ᠡᠮᠤᠨᠡᠬᠡᠨ ᠲᠦᠴᠢᠤᠸᠠᠨ ᠰᠢᠶᠠᠨ ᠤ ᠰᠢᠩ ᠠᠨ ᠭᠡᠷ ᠤᠨ ᠶᠠᠪᠤᠳᠠᠯ ᠤᠨ ᠠᠵᠢᠯ ᠮᠡᠷᠭᠡᠵᠢᠯ ᠤᠨ | ᠪᠤᠯᠪᠠᠰᠤᠷᠠᠯ ᠤᠨ ᠰᠤᠷᠭᠠᠭᠤᠯᠢ ᠳᠤ ᠡᠬᠡ ᠨᠢᠯᠬᠠᠰ ᠢ ᠠᠰᠠᠷᠠᠬᠤ ᠪᠤᠯᠪᠠᠰᠤᠷᠠᠯ ᠦᠷᠨᠢᠬᠦᠯᠪᠡ᠃ ᠲᠤᠰ ᠬᠢᠴᠢᠶᠠᠯ ᠳᠤ | ᠰᠠᠶ᠋ᠢ ᠬᠦᠩᠭᠡᠵᠢᠭᠰᠡᠨ ᠬᠡᠥᠬᠡᠳ ᠢ ᠠᠰᠠᠷᠠᠬᠤ ᠶᠢᠨ ᠨᠠᠷᠢᠯᠢᠭ ᠵᠦᠢᠯᠡᠰ ᠠᠴᠠ ᠬᠦᠩᠭᠡᠵᠢᠭᠴᠢ ᠶᠢᠨ ᠪᠡᠶ᠎ᠠ ᠰᠡᠳᠬᠢᠴᠠ ᠶᠢ | ᠰᠤᠪᠢᠯᠠᠬᠤ ᠬᠦᠷᠳᠡᠯ᠎ᠠ ᠠᠷᠪᠠᠨ ᠬᠡᠳᠤᠨ ᠬᠦᠮᠤᠰ ᠲᠤᠰᠬᠠᠢ ᠪᠠᠭᠰᠢ ᠶᠢᠨ ᠵᠢᠯᠤᠭᠤᠳᠤᠯᠭ᠎ᠠ ᠲᠤᠤᠷ᠎ᠠ ᠨᠠᠷᠢᠨ ᠬᠢᠨᠠᠮᠠᠭᠠᠢ | ᠰᠤᠷᠤᠯᠴᠠᠨ᠎ᠠ᠃ ︽ᠲᠤᠰ ᠤᠳᠠᠭᠠᠨ ᠤ ᠮᠡᠷᠭᠡᠵᠢᠯ ᠤᠨ ᠪᠤᠯᠪᠠᠰᠤᠷᠠᠯ ᠨᠢ ᠮᠢᠨᠤ ᠢᠳᠡᠭᠡᠯ ᠢ ᠬᠦᠪᠴᠢᠯᠡᠵᠤ᠂ ᠪᠢ | ᠨᠢᠯᠬ᠎ᠠ ᠬᠡᠥᠬᠡᠳ ᠢ ᠠᠰᠠᠷᠠᠬᠤ ᠶᠢ ᠰᠤᠷᠤᠯᠴᠠᠭᠰᠠᠨ ᠢᠶᠠᠷ ᠪᠠᠷᠠᠬᠤ ᠦᠭᠡᠢ᠂ ᠪᠠᠭᠰᠢ ᠶᠢᠨ ᠬᠠᠪᠰᠤᠷᠤᠯᠭ᠎ᠠ ᠲᠤᠤᠷ᠎ᠠ | ᠨᠠᠰᠤᠳᠠᠶᠢᠴᠤᠳ ᠤᠨ ᠡᠷᠡᠬᠦᠯᠵᠢᠯ ᠪᠠ ᠰᠤᠪᠢᠯᠠᠯᠳᠠ ᠶᠢ ᠰᠤᠷᠴᠤ᠂ ᠠᠵᠢᠯ ᠤᠯᠬᠤ ᠮᠡᠷᠭᠡᠵᠢᠯ ᠢ ᠡᠵᠡᠮᠰᠢᠯᠠ︾ ᠭᠡᠵᠤ | ᠪᠤᠯᠪᠠᠰᠤᠷᠠᠯ ᠳᠤ ᠤᠷᠤᠯᠴᠠᠭᠰᠠᠨ ᠭᠥᠸᠧ ᠴᠦᠨ ᠰᠢᠶᠠᠩ ᠶᠠᠷᠢᠨ᠎ᠠ᠃ ᠲᠦᠴᠢᠣᠸᠠᠨ ᠰᠢᠶᠠᠨ ᠤ ᠰᠢᠩ ᠠᠨ ᠭᠡᠷ ᠤᠨ | ᠶᠠᠪᠤᠳᠠᠯ ᠤᠨ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ ᠶᠢᠨ ᠬᠠᠷᠢᠭᠤᠴᠠᠯᠭᠠᠳᠠᠨ ᠺᠠᠩ ᠶᠠ ᠪᠢᠨ ᠠᠴᠠ | ᠲᠤᠰ ᠰᠤᠷᠭᠠᠭᠤᠯᠢ ᠨᠢ ᠨᠢᠭᠡᠨᠳᠠ 2000 ᠭᠠᠷᠤᠢ ᠬᠦᠮᠤᠨ ᠳᠤ ᠪᠤᠯᠪᠠᠰᠤᠷᠠᠯ ᠬᠦᠷᠳᠡᠭᠡᠵᠤ᠂ ᠭᠠᠷ ᠤᠷᠠᠯᠠᠯ᠂ | ᠠᠷᠢᠭᠤᠳᠬᠠᠭᠴᠢ᠂ ᠠᠰᠠᠷᠠᠭᠴᠢ ᠵᠡᠷᠭᠡ ᠶᠢ ᠪᠠᠭᠳᠠᠭᠠᠵᠤ᠂ ᠠᠵᠢᠯ ᠤᠯᠬᠤ ᠨᠤᠷᠮ᠎ᠠ 95% ᠳᠤ ᠲᠤᠯᠵᠤ᠂ | ᠲᠤᠭᠳᠠᠭᠤᠨ ᠢᠶᠠᠷ ᠠᠵᠢᠯ ᠤᠯᠤᠭᠰᠠᠨ ᠤ ᠲᠠᠷᠠᠭ᠎ᠠ ᠬᠦᠮᠤᠨ ᠪᠦᠷᠢ ᠵᠢᠯ ᠪᠦᠷᠢ ᠶᠢᠨ ᠤᠷᠤᠯᠭ᠎ᠠ 4 ᠲᠦᠮᠡᠨ | ᠲᠦᠬᠦᠷᠢᠭ ᠲᠤ ᠬᠦᠷᠴᠤ ᠴᠢᠳᠠᠨ᠎ᠠ ᠭᠡᠵᠤ ᠪᠠᠶᠢᠪᠠ᠃ | ᠤᠶᠢᠷ᠎ᠠ ᠶᠢᠨ ᠵᠢᠯ ᠠᠴᠠ ᠨᠠᠭᠠᠰᠢ ᠬᠢᠩᠭᠠᠨ ᠠᠶᠢᠮᠠᠭ ᠠᠵᠤ ᠠᠬᠤᠶᠢᠯᠠᠯ᠂ ᠰᠤᠷᠭᠠᠭᠤᠯᠢ᠂ ᠪᠤᠯᠪᠠᠰᠤᠷᠠᠯ ᠤᠨ | ᠪᠠᠶᠢᠭᠤᠯᠤᠮᠵᠢ ᠵᠡᠷᠭᠡ ᠭᠤᠷᠪᠠᠨ ᠲᠠᠯ᠎ᠠ ᠶᠢᠨ ᠬᠦᠴᠤᠨ ᠢ ᠨᠢᠭᠳᠠᠷᠠᠭᠤᠯᠤᠨ᠂ ᠲᠠᠩᠰᠠ ᠵᠠᠬᠢᠶᠠᠯᠠᠬᠤ ᠬᠡᠯᠪᠡᠷᠢ᠂ | ᠰᠢᠬᠢᠳᠬᠢᠭᠡ ᠭᠡᠯᠪᠡᠷᠢ᠂ ᠲᠦᠷᠤᠯ ᠵᠦᠢᠯ ᠤᠨ ᠲᠦᠷᠢᠮ ᠤᠨ ᠪᠤᠯᠪᠠᠰᠤᠷᠠᠯ ᠢ ᠦᠷᠭᠡᠨ ᠢᠶᠠᠷ ᠦᠷᠨᠢᠬᠦᠯᠵᠤ᠂ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠯᠠᠨ ᠶᠠᠩᠵᠤ ᠶᠢᠨ ᠮᠡᠷᠭᠡᠵᠢᠯ ᠤᠨ ᠲᠡᠭᠡᠭᠰᠢᠯᠡᠯᠳᠠ ᠶᠢᠨ ᠱᠠᠭᠠᠷᠳᠠᠯᠭ᠎ᠠ ᠶᠢ | ᠬᠠᠩᠭᠠᠵᠤ᠂ ︽ᠬᠢᠩᠭᠠᠨ ᠠᠶᠢᠮᠠᠭ ᠤᠨ ᠷᠦᠨ ᠽᠧ ᠠᠵᠢᠯ ᠮᠡᠷᠭᠡᠵᠢᠯ ᠤᠨ ᠪᠤᠯᠪᠠᠰᠤᠷᠠᠯ ᠤᠨ ᠰᠤᠷᠭᠠᠭᠤᠯᠢ | ᠦᠨᠳᠤᠰᠤᠳᠡᠨ ᠤ ᠭᠠᠷ ᠤᠷᠠᠯᠠᠯ ᠤᠨ ᠪᠦᠳᠤᠭᠡᠭᠳᠡᠬᠦᠨ ᠵᠢᠴᠢ ᠪᠠᠭᠠᠵᠢ ᠬᠡᠷᠡᠭᠰᠡᠯ ᠵᠤᠬᠢᠶᠠᠨ ᠦᠢᠯᠡᠳᠬᠦ︾ ︽ | ᠲᠦᠴᠢᠣᠸᠠᠨ ᠰᠢᠶᠠᠨ ᠤ ᠭᠤᠸᠠᠩ ᠮᠢᠩ ᠭᠡᠷ ᠤᠨ ᠶᠠᠪᠤᠳᠠᠯ ᠤᠨ ᠠᠵᠢᠯ ᠮᠡᠷᠭᠡᠵᠢᠯ ᠤᠨ ᠪᠤᠯᠪᠠᠰᠤᠷᠠᠯ ᠤᠨ | ᠰᠤᠷᠭᠠᠭᠤᠯᠢ ᠶᠢᠨ ᠠᠷᠢᠭᠤᠳᠬᠠᠭᠴᠢ︾ ᠵᠡᠷᠭᠡ ᠭᠠᠵᠠᠷ ᠤᠷᠤᠨ ᠤ ᠤᠨᠴᠠᠯᠢᠭ ᠲᠠᠢ ᠬᠤᠰᠢᠭᠤ ᠰᠢᠶᠠᠨ ᠤ ᠲᠡᠰ ᠤᠨ | ᠠᠵᠢᠯ ᠮᠡᠷᠭᠡᠵᠢᠯ ᠤᠨ ᠪᠤᠯᠪᠠᠰᠤᠷᠠᠯ ᠤᠨ ᠨᠡᠷᠡᠳᠤ ᠲᠡᠮᠳᠡᠭᠳᠤ ᠶᠢ ᠠᠮᠵᠢᠯᠳᠠᠳᠠᠢ ᠡᠬᠦᠳᠴᠤ᠂ ᠡᠮᠤᠨᠡᠳᠤ ᠬᠤᠰᠢᠭᠤᠨ ᠤ | ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠦᠪᠡᠷᠳᠡᠭᠡᠨ ᠵᠠᠰᠠᠬᠤ ᠤᠷᠤᠨ ᠤ ᠲᠡᠰ ᠤᠨ ᠲᠡᠭᠡᠳᠤ | ᠮᠡᠷᠭᠡᠵᠢᠯ ᠤᠨ ᠴᠢᠳᠠᠪᠤᠷᠢᠳᠠᠨ ᠤ ᠪᠤᠯᠪᠠᠰᠤᠷᠠᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠠ᠃ | ᠪᠦᠬᠦ ᠠᠶᠢᠮᠠᠭ ᠤᠨ ᠡᠯ᠎ᠠ ᠱᠠᠳᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠭᠤᠤᠯᠳᠠᠯᠭ᠎ᠠ ᠲᠠᠢ ᠠᠵᠢᠯ ᠤᠯᠬᠤ ᠤᠯᠠᠨ ᠲᠦᠮᠡᠨ ᠤ ᠱᠠᠭᠠᠷᠳᠠᠯᠭ᠎ᠠ ᠳᠤ | ᠬᠠᠨᠳᠤᠭᠤᠯᠤᠨ᠂ ᠠᠵᠢᠯ ᠮᠡᠷᠭᠡᠵᠢᠯ ᠤᠨ ᠴᠢᠳᠠᠪᠬᠢ ᠶᠢ ᠲᠡᠭᠡᠭᠰᠢᠯᠡᠬᠦᠯᠬᠦ ᠠᠵᠢᠯᠯᠠᠭ᠎ᠠ᠂ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠬᠦᠢᠴᠡᠳ ᠠᠵᠢᠯ ᠤᠯᠬᠤ ᠶᠢ ᠪᠠᠳᠤᠯᠠᠬᠤ ᠠᠵᠢᠯᠯᠠᠭ᠎ᠠ᠂ ᠶᠡᠭᠡ ᠰᠤᠷᠭᠠᠭᠤᠯᠢ ᠠᠴᠠ | ᠲᠡᠬᠦᠰᠥᠭᠰᠡᠨ ᠤᠶᠤᠳᠠᠳ ᠤᠨ ᠠᠵᠢᠯ ᠤᠯᠬᠤ ᠦᠢᠯᠡᠰ ᠪᠤᠰᠬᠠᠬᠤ ᠰᠢᠪᠳᠤᠯᠤᠯᠳᠠ ᠶᠢᠨ ᠠᠵᠢᠯᠯᠠᠭ᠎ᠠ ᠶᠢ ᠵᠤᠬᠢᠶᠠᠨ | ᠪᠠᠶᠢᠭᠤᠯᠤᠨ ᠦᠷᠨᠢᠬᠦᠯᠵᠤ᠂ ᠠᠵᠤ ᠠᠬᠤᠶᠢᠯᠠᠯ ᠳᠤ ᠲᠤᠬᠢᠷᠠᠭᠰᠠᠨ ᠠᠵᠢᠯᠳᠠᠨ ᠢ ᠲᠠᠨᠢᠯᠴᠠᠭᠤᠯᠤᠨ᠂ ᠠᠵᠢᠯ ᠤᠯᠭᠤᠬᠤ | ᠠᠷᠭ᠎ᠠ ᠵᠠᠮ ᠢ ᠦᠷᠭᠡᠳᠭᠡᠵᠤ᠂ ᠬᠦᠳᠡᠯᠮᠤᠷᠢᠴᠢᠳ ᠤᠨ ᠠᠵᠢᠯ ᠤᠯᠬᠤ ᠶᠢ ᠠᠬᠢᠭᠤᠯᠤᠭᠰᠠᠨ ᠪᠠᠶᠢᠨ᠎ᠠ᠃ ︽ᠡ᠊ᠨᠠ ᠵᠢᠯ | ᠪᠢ ᠬᠢᠩᠭᠠᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠰᠦᠢᠳᠭᠡᠯ ᠬᠤᠷᠢᠶᠠᠬᠤ ᠦᠭᠡᠢ ᠪᠠᠷ ᠮᠠᠰᠢᠨ | ᠲᠡᠷᠭᠡ ᠶᠢ ᠭᠤᠶᠤᠯᠠᠬᠤ ᠪᠤᠯᠪᠠᠰᠤᠷᠠᠯ ᠤᠨ ᠠᠩᠬᠢ ᠡᠷᠬᠢᠯᠡᠬᠦ ᠳᠤ ᠨᠡᠷ᠎ᠠ ᠪᠠᠨ ᠮᠡᠳᠡᠬᠦᠯᠵᠤ᠂ ᠪᠠᠭᠰᠢ ᠶᠢᠨ ᠲᠤᠷᠰᠢᠯᠭ᠎ᠠ | ᠡᠯᠪᠡᠭ ᠪᠠᠶᠠᠯᠢᠭ ᠢᠶᠠᠷ ᠪᠠᠷᠠᠬᠤ ᠦᠭᠡᠢ ᠪᠠᠰᠠ ᠪᠤᠳᠠᠳᠠᠢ ᠪᠤᠯᠪᠠᠰᠤᠷᠠᠯ ᠤᠨ ᠵᠢᠯᠤᠭᠤᠳᠤᠯᠭ᠎ᠠ ᠬᠠᠩᠭᠠᠪᠠ᠂ | ᠪᠤᠯᠪᠠᠰᠤᠷᠠᠯ ᠢᠶᠠᠨ ᠲᠠᠭᠤᠰᠬᠠᠭᠠᠳ ᠤᠳᠠᠭᠰᠠᠨ ᠦᠭᠡᠢ ᠪᠢ ᠬᠢᠩᠭᠠᠨ ᠠᠶᠢᠮᠠᠭ ᠤᠨ ᠰᠢᠨ ᠬᠤᠸᠠ ᠢᠥᠢ | ᠬᠤᠳᠠᠯᠳᠤᠭ᠎ᠠ ᠠᠷᠠᠯᠵᠢᠶᠠᠨ ᠤ ᠬᠢᠵᠠᠭᠠᠷᠳᠤ ᠺᠤᠮᠫᠠᠨᠢ ᠳᠤ ᠠᠵᠢᠯᠯᠠᠪᠠ︾ ᠭᠡᠵᠤ ᠭᠥᠸᠧ ᠰᠢᠶᠤᠤ ᠸᠧᠢ ᠶᠠᠷᠢᠨ᠎ᠠ᠃ | ᠠᠵᠢᠯ ᠮᠡᠷᠭᠡᠵᠢᠯ ᠤᠨ ᠪᠤᠯᠪᠠᠰᠤᠷᠠᠯ ᠤᠨ ᠬᠢᠨᠠᠯᠳᠠ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠂ | ᠪᠤᠯᠪᠠᠰᠤᠷᠠᠯ ᠤᠨ ᠶᠠᠰᠤ ᠴᠢᠨᠠᠷ ᠢ ᠲᠡᠭᠡᠭᠰᠢᠯᠡᠬᠦᠯᠬᠦ ᠪᠠᠷ᠂ ᠤᠯᠠᠭᠠᠨᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ | ᠪᠠ ᠠᠵᠢᠯ ᠤᠯᠭᠤᠬᠤ ᠦᠢᠯᠡᠴᠢᠯᠡᠭᠡ ᠶᠢᠨ ᠲᠦᠪ ᠠᠴᠠ ᠬᠤᠭᠤᠴᠠᠭ᠎ᠠ ᠪᠦᠷᠢ ᠶᠢᠨ ᠪᠤᠯᠪᠠᠰᠤᠷᠠᠯ ᠤᠨ ᠠᠩᠬᠢ ᠶᠢᠨ | ᠲᠤᠬᠠᠢ ᠶᠢᠨ ᠲᠠᠯᠠᠪᠠᠢ ᠳᠤ ᠬᠦᠷᠴᠤ ᠬᠢᠨᠠᠨ ᠪᠠᠶᠢᠴᠠᠭᠠᠵᠤ᠂ ᠪᠤᠯᠪᠠᠰᠤᠷᠠᠯ ᠬᠦᠷᠳᠡᠭᠡᠬᠦ ᠬᠡᠪᠴᠢᠶ᠎ᠠ᠂ ᠬᠢᠴᠢᠶᠡᠯ ᠤᠷᠤᠬᠤ | ᠠᠷᠭ᠎ᠠ ᠠᠪᠴᠠᠯ ᠪᠠ ᠠᠮᠤᠷ ᠲᠦᠪᠰᠢᠨ ᠤ ᠬᠠᠮᠢᠶᠠᠷᠤᠯᠳᠠ ᠵᠡᠷᠭᠡ ᠪᠠᠶᠢᠳᠠᠯ ᠢ ᠨᠠᠷᠢᠨ ᠨᠢᠭᠳᠠ ᠤᠶᠢᠯᠠᠭᠠᠬᠤ ᠶᠢᠨ | ᠬᠠᠮᠳᠤ ᠪᠤᠯᠪᠠᠰᠤᠷᠠᠯ ᠳᠤ ᠤᠷᠤᠯᠴᠠᠭᠴᠢ ᠶᠢᠨ ᠪᠠᠶᠢᠳᠠᠯ᠂ ᠪᠠᠭᠰᠢ ᠶᠢᠨ ᠬᠢᠷᠢ ᠭᠡᠮ ᠵᠡᠷᠭᠡ ᠶᠢ ᠨᠠᠷᠢᠨ ᠨᠢᠭᠳᠠ ᠰᠢᠯᠭᠠᠨ | ᠪᠠᠶᠢᠴᠠᠭᠠᠵᠤ᠂ ᠢᠯᠡᠷᠡᠬᠦᠯᠥᠭᠰᠡᠨ ᠠᠰᠠᠭᠤᠳᠠᠯ ᠢ ᠪᠤᠯᠪᠠᠰᠤᠷᠠᠯ ᠤᠨ ᠪᠠᠶᠢᠭᠤᠯᠤᠮᠵᠢ ᠳᠤ ᠬᠠᠷᠢᠭᠤ ᠲᠤᠰᠬᠠᠨ᠂ | ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠶᠢ ᠱᠠᠭᠠᠷᠳᠠᠵᠤ᠂ ᠠᠵᠢᠯ ᠮᠡᠷᠭᠡᠵᠢᠯ ᠤᠨ ᠪᠤᠯᠪᠠᠰᠤᠷᠠᠯ ᠤᠨ | ᠶᠠᠰᠤ ᠴᠢᠨᠠᠷ ᠢ ᠲᠡᠭᠡᠭᠰᠢᠯᠡᠬᠦᠯᠬᠦ ᠶᠢ ᠦᠨᠡᠨᠬᠦ ᠪᠠᠳᠤᠯᠠᠪᠠ᠃ | ︵ᠴᠤᠯᠮᠤᠨ ᠭᠧᠨ ᠰᠢᠶᠥ᠋ᠩ︶ |