ᠬᠤᠲᠠ ᠶᠢᠨ ᠵᠠᠰᠠᠭ ᠤᠨ ᠣᠷᠳᠣᠨ ︽ᠵᠢᠷᠭᠤᠭᠠᠨ ᠢᠨᠵᠧᠨᠧᠷᠢᠩ︾ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
   9 ᠰᠠᠷ᠎ᠠ ᠶᠢᠨ 13 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠲᠠ ᠶᠢᠨ ︽ᠵᠢᠷᠭᠤᠭᠠᠨ ᠢᠨᠵᠧᠨᠧᠷᠢᠩ︾ ᠤᠨ ᠠᠵᠢᠯ ᠤᠨ ᠲᠤᠰᠬᠠᠶ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠡᠯ ᠲᠡᠭᠡᠷ᠎ᠡ᠂ ︽ᠵᠢᠷᠭᠤᠭᠠᠨ ᠢᠨᠵᠧᠨᠧᠷᠢᠩ︾ ᠤᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠰᠦᠨ ᠪᠠᠶ ᠴᠤᠸᠠᠨ᠂ ᠶᠠᠩ ᠪᠦᠦ ᠲᠢᠶᠠᠨ᠂ ᠯᠦ ᠴᠢ ᠭᠦᠸᠧ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠪᠠᠶ ᠹᠧᠩ᠂ ᠯᠢᠦ ᡁᠢ ᠴᠢᠶᠠᠩ ᠵᠢᠴᠢ ᠬᠠᠮᠢᠶ᠎ᠠ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠲᠥᠰᠦᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠪᠣᠳᠠᠲᠠᠢ ᠠᠷᠭ᠎ᠠ ᠪᠠᠷ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ︾ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠶᠢ ᠣᠨᠣᠪᠴᠢᠲᠠᠢ ᠪᠥᠭᠡᠳ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠵᠤ᠂ ᠡᠯ᠎ᠡ ᠲᠦᠷᠦᠯ ᠵᠦᠢᠯ ᠪᠣᠯᠤᠨ ᠪᠡᠯᠡ ᠮᠥᠩᠭᠦ ᠶᠢᠨ ᠳᠡᠮᠵᠢᠯᠭᠡ ᠶᠢ ᠠᠯᠢ ᠴᠢᠳᠠᠬᠤ ᠪᠠᠷ ᠴᠢᠷᠮᠠᠶᠢᠨ ᠤᠯᠬᠤ ᠬᠡᠷᠡᠭᠲᠡᠢ᠃ ᠳᠤᠯᠠᠭᠠᠯᠭ᠎ᠠ ᠶᠢᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠬᠢᠴᠠ ᠶᠢ ᠴᠢᠩᠭ᠎ᠠ ᠠᠳᠬᠤᠨ᠂ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠨᠡᠶᠢᠭᠡᠮ ᠳᠤ ᠵᠠᠰᠠᠭ ᠤᠨ ᠶᠠᠪᠤᠳᠠᠯ ᠤᠨ ᠣᠷᠴᠢᠨ ᠨᠦᠬᠦᠴᠠᠯ᠂ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠠᠯ᠂ ᠦᠨᠡᠨᠴᠢ ᠢᠲᠡᠭᠡᠮᠵᠢ ᠶᠢᠨ ᠣᠷᠴᠢᠨ ᠨᠦᠬᠦᠴᠠᠯ᠂ ᠬᠠᠤᠯᠢᠵᠢᠯ ᠤᠨ ᠣᠷᠴᠢᠨ ᠨᠦᠬᠦᠴᠠᠯ ᠤᠨ ᠪᠣᠳᠠᠲᠤ ᠬᠤᠪᠢᠷᠠᠯᠲᠠ ᠶᠢ ᠮᠡᠳᠡᠭᠦᠯᠬᠦ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠴᠡᠭ ᠢ ᠠᠳᠬᠤᠨ ᠪᠦᠰᠡᠯᠡᠯᠲᠡ ᠶᠢ ᠰᠢᠪᠲᠤᠯᠵᠤ᠂ ᠨᠠᠩ ᠣᠯᠠᠨ ᠷᠠᠰᠢᠶᠠᠨ ᠤ ᠣᠨᠴᠠᠯᠢᠭ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠦᠷ᠎ᠡ ᠪᠦᠲᠦᠭᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠢ︔ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠴᠡᠭ ᠢ ᠪᠣᠢ ᠪᠣᠯᠭᠠᠨ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠠᠭᠤᠳᠠᠯᠵᠤ᠂ ᠪᠥᠬᠦ ᠬᠤᠲᠠ ᠶᠢᠨ ᠠᠵᠤ ᠠᠬᠤᠶ ᠶᠢᠨ ᠭᠠᠳᠠᠭᠠᠳᠤ ᠬᠠᠨᠳᠤᠰᠢ ᠪᠠ ᠨᠡᠭᠡᠭᠡᠯᠲᠡ ᠶᠢᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠳᠠᠯᠠᠵᠤ᠂ ᠴᠢᠩᠭ᠎ᠠ ᠬᠦᠴᠦᠲᠡᠢ ᠪᠠᠲᠤᠯᠠᠭ᠎ᠠ ᠪᠠᠷ ︽ᠵᠢᠷᠭᠤᠭᠠᠨ ᠢᠨᠵᠧᠨᠧᠷᠢᠩ︾ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠡᠪᠡ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号