ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠶᠢᠯᠠᠩ 2024 ᠤᠨ ᠤ ᠠᠷᠪᠠᠨ ᠨᠢᠭᠡᠳᠦᠭᠡᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 13 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ 2024 ᠤᠨ ᠤ ᠠᠷᠪᠠᠨ ᠨᠢᠭᠡᠳᠦᠭᠡᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠪᠦᠬᠦ ᠬᠤᠳᠠ ᠪᠠᠷ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠣᠭᠲᠠᠭᠠᠯ ᠤᠳ︾ ᠭᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠣᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠵᠡᠷᠯᠡᠨ ᠮᠡᠳᠡᠭᠳᠡᠭᠰᠡᠨ ᠨᠡᠶᠢᠲᠡᠯᠢᠭ ᠠᠰᠠᠭᠤᠳᠠᠯ ᠲᠠᠢ ᠬᠠᠷᠢᠴᠠᠭᠤᠯᠤᠨ ᠨᠢᠭᠡ ᠠᠴᠠ ᠵᠦᠢᠴᠢᠯᠡᠵᠦ ᠨᠦᠬᠦᠭᠡ ᠶᠢ  ᠮᠦᠷᠳᠡᠨ᠂ ᠲᠠᠬᠢᠨ ᠵᠢᠭᠰᠠᠭᠠᠨ ᠪᠠᠶᠢᠴᠠᠭᠠᠵᠤ᠂ ᠲᠠᠬᠢᠨ ᠴᠡᠭᠴᠡᠯᠡᠨ ᠵᠠᠰᠠᠵᠤ᠂ ᠳᠠᠷᠤᠭᠠᠰᠤ ᠶᠢ ᠨᠢ ᠬᠥᠩᠭᠡᠷᠡᠭᠦᠯᠬᠦ ᠠᠵᠢᠯ ᠤᠨ ᠠᠬᠢᠴᠠ ᠶᠢ ᠪᠠᠶᠢᠩᠭᠤᠵᠢᠭᠤᠯᠤᠨ ᠲᠣᠬᠢᠷᠠᠭᠤᠯᠵᠤ᠂ ᠡᠯ᠎ᠡ ᠵᠦᠢᠯ ᠤᠨ ᠲᠣᠭᠲᠠᠭᠠᠯ ᠢ ᠡᠯ᠎ᠡ ᠱᠤᠭᠤᠮ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠡᠷᠡᠰ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠡᠷᠡᠰ ᠬᠦᠷᠢᠶᠡᠯᠡᠵᠦ᠂ ᠨᠠᠷᠢᠨ ᠬᠢᠨᠠᠮᠠᠭᠠᠢ ᠰᠤᠷᠤᠯᠴᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠬᠦᠴᠦᠨ ᠢᠶᠠᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠳᠡᠭᠡᠷ᠎ᠡ ᠨᠢᠭᠲᠠᠷᠠᠭᠤᠯᠵᠤ᠂ ᠵᠠᠩᠭᠢᠯᠠᠭ᠎ᠠ ᠶᠢᠨ ᠴᠡᠭ ᠪᠣᠯᠣᠨ ᠭᠠᠷᠳᠠᠬᠤ ᠴᠡᠭ ᠢᠶᠠᠨ ᠰᠠᠶᠢᠲᠤᠷ ᠠᠳᠬᠤᠵᠤ᠂ ᠰᠠᠨᠠᠯ ᠲᠠᠢ ᠪᠠᠨ ᠤᠶᠠᠯᠳᠤᠭᠤᠯᠤᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠰᠠᠶᠢᠲᠤᠷ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠣᠬᠴᠠᠯᠠᠬᠤ ᠠᠵᠢᠯ ᠤᠨ ᠭᠤᠣᠯ ᠰᠢᠵᠢᠮ ᠤᠨ ᠤᠯᠤᠰ ᠲᠦᠷᠦ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠤᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠦᠷᠦᠯᠴᠡᠬᠦ ᠦᠭᠡᠢ ᠲᠠᠯ᠎ᠠ ᠪᠠᠨ ᠪᠠᠶᠢᠴᠠᠭᠠᠵᠤ᠂ ᠵᠦᠷᠢᠶ᠎ᠡ ᠪᠠᠨ ᠡᠷᠢᠵᠦ᠂ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ︽ᠬᠤᠭᠤᠰᠣᠨ᠂ ᠪᠦᠳᠦᠭᠦᠯᠢᠭ᠂ ᠨᠠᠶᠢᠳᠡᠯᠢᠭ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠪᠣᠳᠠᠲᠠᠢ ᠥᠷᠭᠡᠵᠢᠨ ᠬᠦᠴᠦᠯᠡᠬᠦ ᠶᠢ ᠠᠬᠢᠭᠤᠯᠬᠤ ᠬᠡᠷᠡᠭᠲᠡᠢ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠷᠭ᠎ᠠ ᠳᠤ ᠲᠣᠳᠣᠷᠬᠠᠶᠢᠯᠠᠭᠰᠠᠨ ᠠᠵᠢᠯ ᠤᠨ ᠱᠠᠭᠠᠷᠳᠠᠯᠭ᠎ᠠ ᠲᠠᠢ ᠨᠢᠭᠡᠳ ᠨᠢᠭᠡ ᠪᠠᠷ ᠬᠠᠷᠭᠤᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠣᠨ᠂ ᠷᠠᠰᠢᠶᠠᠨ ᠤ ᠪᠣᠳᠠᠲᠠᠢ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ  ᠴᠢᠬᠤᠯᠠᠴᠢᠯᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号