ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠳᠠᠯᠠᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 13 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠲᠠᠪᠤᠳᠤᠭᠠᠷ ᠬᠤᠭᠤᠴᠠᠭᠠᠨ ᠤ ᠳᠠᠯᠠᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠡ᠃ ᠬᠤᠷᠡᠯ ᠲᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ︽ᠭᠤᠷᠪᠠ ᠶᠢ ᠪᠠᠲᠤᠯᠠᠬᠤ︾᠂ ᠨᠢᠭᠡᠳᠦᠮᠡᠯ ᠹᠷᠣᠨᠲ ᠪᠣᠯᠤᠨ ᠱᠠᠰᠢᠨ ᠰᠤᠷᠲᠠᠬᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠷᠠᠰᠢᠶᠠᠨ ᠬᠤᠲᠠ ᠶᠢᠨ 2024 ᠣᠨ ᠤ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠢ ᠰᠢᠭᠤᠢ᠂ ᠨᠠᠭᠤᠷ ᠴᠥᠭᠦᠷᠥᠮ᠂ ᠨᠤᠭᠤ ᠭᠠᠵᠠᠷ᠂ ᠮᠥᠰᠥ ᠴᠠᠰᠤ ᠵᠡᠷᠭᠡ ᠡᠷᠬᠢᠮ ᠨᠠᠨᠳᠢᠨ ᠡᠳ᠋ ᠪᠠᠶᠠᠯᠢᠭ ᠢ ᠰᠠᠶᠢᠲᠤᠷ ᠰᠠᠬᠢᠨ ᠬᠠᠮᠠᠭᠠᠯᠠᠵᠤ᠂ ᠲᠡᠦᠬᠡ ᠰᠣᠶᠣᠯ ᠤᠨ ᠦᠯᠡᠳᠡᠭᠳᠡᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦᠯᠬᠦ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠬᠥᠮᠦᠨ ᠳᠤ ᠷᠠᠰᠢᠶᠠᠨ ᠤ ᠰᠣᠶᠣᠯ ᠢᠷᠭᠡᠨᠰᠢᠯ ᠤᠨ ᠠᠭᠤᠯᠤᠭᠳᠠᠬᠤᠨ ᠪᠣᠯᠤᠨ ᠪᠠᠶᠢᠭᠠᠯᠢ ᠶᠢᠨ ᠭᠤᠸ᠎ᠠ ᠰᠠᠶᠢᠬᠠᠨ ᠢ ᠤᠢᠢᠯᠠᠭᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠰᠢᠶᠠᠨ ᠲᠣᠭᠤᠷᠢᠭ ᠠᠴᠠ ᠠᠯᠪᠠᠨ ᠲᠤᠰᠢᠶᠠᠯᠲᠠᠨ ᠶᠢ ᠱᠠᠭᠠᠷᠳᠡᠵᠣ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠵᠣᠭᠤᠰ ᠵᠢᠭᠡᠯᠡᠵᠦ ᠦᠭᠬᠦ ᠠᠰᠠᠭᠤᠳᠠᠯ ᠤᠨ ᠲᠤᠬᠠᠢ ᠬᠢᠨᠠᠨ ᠪᠠᠶᠢᠴᠠᠭᠠᠭᠰᠠᠨ ᠮᠡᠳᠡᠭᠦᠯᠦᠯᠲᠡ︾ ᠳᠡᠭᠡᠷᠡᠬᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠰᠢᠭᠤᠳ ᠪᠤᠶᠤ ᠳᠠᠮ ᠬᠡᠯᠪᠡᠷᠢ ᠪᠠᠷ ᠠᠯᠪᠠᠨ ᠲᠤᠰᠢᠶᠠᠯᠲᠠᠨ ᠠᠴᠠ ᠪᠡᠯᠡ ᠲᠣᠬᠢᠷᠠᠭᠤᠯᠵᠤ ᠵᠣᠭᠤᠰ ᠵᠢᠭᠡᠯᠡᠬᠦ ᠠᠰᠠᠭᠤᠳᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮ ᠢ ᠥᠨᠳᠥᠷ ᠲᠦᠪᠰᠢᠨ ᠢᠶᠠᠷ ᠪᠠᠶᠢᠭᠤᠯᠵᠤ᠂ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠬᠥᠭᠵᠢᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠢᠶᠠᠷ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ᠂ ᠪᠡᠶ᠎ᠡ ᠶᠢᠨ ᠲᠠᠮᠢᠷ ᠤᠨ ᠰᠣᠶᠣᠯ ᠤᠨ ᠲᠦᠷᠭᠡᠨ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠬᠦᠯᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠢᠩᠭᠠᠨ ᠠᠶᠢᠮᠠᠭ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠳᠤ ᠷᠠᠰᠢᠶᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠬᠡᠷᠡᠭ ᠢᠶᠠᠷ ᠴᠡᠭᠴᠡᠯᠡᠨ ᠵᠠᠰᠠᠬᠤ ᠶᠢ ᠴᠢᠬᠤᠯᠠ ᠠᠵᠢᠯ ᠤᠨ ᠡᠳᠦᠷ ᠤᠨ ᠳᠠᠷᠠᠭᠠᠯᠠᠯ ᠳᠤ ᠣᠷᠣᠭᠤᠯᠤᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠰᠡᠷᠡᠮᠵᠢᠯᠡᠭᠦᠯᠦᠨ ᠰᠦᠷᠳᠡᠭᠦᠯᠬᠦ ᠶᠢ ᠴᠢᠩᠭᠠᠳᠬᠠᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠠᠨ ᠬᠥᠮᠦᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠡᠨ ᠵᠢᠯᠣᠭᠤᠳᠴᠤ ᠪᠠᠶᠢᠭᠠᠳ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠡᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号