ᠬᠢᠩᠭᠠᠨ ᠠᠶᠢᠮᠠᠭ ᠤᠨ ᠳᠥᠷᠪᠡᠨ ᠨᠢᠭᠡᠴᠢ ᠣᠷᠣᠨ ᠤ ᠲᠠᠰ ᠤᠨ ᠵᠢᠭᠤᠯᠴᠢᠯᠠᠯ ᠤᠨ ᠭᠠᠵᠠᠷ ᠢᠶᠠᠷ ᠨᠡᠷᠡᠶᠢᠳᠦᠭᠳᠡᠵᠠᠢ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠭᠤᠯᠴᠢᠯᠠᠯ ᠤᠨ ᠳᠥᠷᠪᠡᠨ ᠭᠠᠵᠠᠷ︾ ᠢ ᠲᠤᠬᠠᠶ ᠶᠢᠨ ᠲᠠᠯᠠᠪᠤᠷ ᠲᠤᠨᠢ ᠲᠣᠭᠤᠷᠢᠨ ᠦᠵᠡᠬᠦ ᠠᠵᠢᠯᠯᠠᠭ᠎ᠠ ᠬᠢᠩᠭᠠᠨ ᠠᠶᠢᠮᠠᠭ ᠤᠨ ᠷᠠᠰᠢᠶᠠᠨ ᠬᠤᠳᠠ ᠳᠤ ᠶᠠᠪᠤᠭᠳᠠᠪᠠ᠃      ᠲᠤᠰ ᠠᠵᠢᠯᠯᠠᠭ᠎ᠠ ᠶᠠᠪᠤᠬᠳᠠᠵᠦ ᠪᠠᠶᠢᠭ᠎ᠠ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2024 ᠣᠨ ᠤ ᠣᠷᠣᠨ ᠤ ᠲᠠᠰ ᠤᠨ ᠵᠢᠭᠤᠯᠴᠢᠯᠠᠯ ᠤᠨ ᠰᠡᠯᠡᠬᠦᠴᠡᠯ ᠵᠡᠭᠡᠯᠢ ᠲᠣᠭᠤᠷᠢᠭ᠂ ᠴᠠᠨᠠᠯᠠᠯᠳᠠ ᠶᠢᠨ ᠵᠢᠭᠤᠯᠴᠢᠯᠠᠯ ᠤᠨ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠢᠨᠠᠨ ᠰᠢᠯᠭᠠᠷᠠᠭᠤᠯᠤᠭᠰᠠᠨ ᠦᠷ᠎ᠠ ᠳ᠋ᠦᠩ ᠢ ᠨᠡᠶᠢᠳᠡᠯᠡᠭᠰᠡᠨ ᠪᠦᠭᠡᠳ ᠫᠠᠶᠢᠰᠠ ᠤᠯᠭᠤᠬᠤ ᠶᠤᠰᠤᠯᠠᠯ ᠶᠠᠪᠤᠭᠤᠯᠪᠠ᠃ ᠡᠭᠦᠨ ᠳᠤ ᠬᠢᠩᠭᠠᠨ ᠠᠶᠢᠮᠠᠭ ᠤᠨ ᠤᠯᠠᠭᠠᠨᠬᠤᠲᠠ ᠶᠢᠨ ᠰᠠᠨ ᠾᠧ ᠲᠤᠰᠬᠤᠨ ᠤ ᠵᠠᠩ ᠦᠢᠯᠡ ᠶᠢᠨ ᠵᠡᠭᠡᠯᠢ᠂ ᠷᠠᠰᠢᠶᠠᠨ ᠬᠤᠳᠠ ᠶᠢᠨ  ᠸᠧᠨᠴᠢᠤᠸᠠᠨ ᠵᠡᠭᠡᠯᠢ  ᠤᠷᠤᠨ ᠤ ᠳᠡᠰ ᠤᠨ ᠰᠡᠯᠡᠭᠦᠴᠡᠯ ᠵᠢᠭᠤᠯᠴᠢᠯᠠᠯ ᠤᠨ ᠵᠡᠭᠡᠯᠢ ᠪᠠᠷ ᠦᠨᠡᠯᠡᠭᠳᠡᠪᠠ︔ ᠬᠢᠩᠭᠠᠨ ᠠᠶᠢᠮᠠᠭ ᠤᠨ ᠸᠠᠩ ᠪᠦᠬᠡ ᠡᠮᠴᠢ ᠶᠢᠨ ᠮᠣᠩᠭᠤᠯ ᠡᠮᠨᠡᠯᠭᠡ ᠶᠢᠨ ᠡᠮᠲᠦ ᠤᠬᠢᠶᠠᠯᠭ᠎ᠠ ᠶᠢᠨ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ ᠣᠷᠣᠨ ᠤ ᠳᠡᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ  ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠴᠤᠯᠠ ᠬᠦᠷᠳᠡᠪᠡ︔ ᠬᠢᠩᠭᠠᠨ ᠠᠶᠢᠮᠠᠭ ᠤᠨ ᠷᠠᠰᠢᠶᠠᠨ ᠤ ᠲᠠᠢ ᠸᠧᠶ ᠴᠠᠨᠠᠯᠠᠯᠳᠠ ᠶᠢᠨ ᠲᠠᠯᠠᠪᠠᠶ ᠣᠷᠣᠨ ᠤ ᠲᠠᠰ ᠤᠨ ᠴᠠᠨᠠᠯᠠᠯᠳᠠ ᠶᠢᠨ ᠵᠢᠭᠤᠯᠴᠢᠯᠠᠯ ᠤᠨ ᠭᠠᠵᠠᠷ ᠢᠶᠠᠷ ᠦᠨᠡᠯᠡᠭᠳᠡᠵᠡᠢ᠃      ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠰᠣᠩᠭᠤᠭᠳᠠᠭᠰᠠᠨ ᠡᠨᠡ 4 ᠨᠢᠭᠡᠴᠢ ᠵᠢᠭᠤᠯᠴᠢᠯᠠᠯ ᠢ ᠪᠡᠶᠡᠴᠢᠯᠡᠨ ᠤᠶᠢᠯᠠᠭᠠᠬᠤ ᠰᠢᠯᠢᠳᠡᠭ  ᠲᠠᠪᠴᠠᠩ ᠢ ᠵᠢᠭᠤᠯᠴᠢᠯᠠᠭᠴᠢᠳ ᠲᠤ ᠬᠠᠨᠭ᠍ᠭᠠᠭᠰᠠᠨ ᠢᠶᠠᠷ ᠪᠠᠷᠠᠬᠤ ᠥᠬᠡᠶ ᠪᠠᠰᠠ ᠬᠢᠩᠭᠠᠨ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠣᠯᠠᠨ ᠡᠰᠢᠴᠢᠯᠡᠭᠰᠡᠨ ᠬᠥᠭᠵᠢᠯᠲᠡ ᠶᠢ ᠪᠦᠳᠦᠮᠵᠢᠳᠡᠢ ᠠᠬᠢᠭᠤᠯᠵᠠᠢ᠃      ᠤᠨᠴᠠᠭᠠᠶᠢᠯᠠᠨ ᠣᠷᠣᠨ ᠤ ᠲᠠᠰ ᠤᠨ ᠵᠢᠭᠤᠯᠴᠢᠯᠠᠯ ᠤᠨ ᠰᠡᠯᠡᠬᠦᠴᠡᠯ ᠵᠡᠭᠡᠯᠢ ᠲᠤᠭᠤᠷᠢᠭ ᠢᠶᠠᠷ ᠦᠨᠡᠯᠡᠭᠳᠡᠭᠰᠡᠨ ᠤᠯᠠᠭᠠᠨᠬᠤᠲᠠ ᠶᠢᠨ ᠰᠠᠨ ᠾᠧ ᠲᠤᠰᠬᠤᠨ ᠤ ᠵᠠᠩ ᠦᠢᠯᠡ ᠶᠢᠨ ᠵᠡᠭᠡᠯᠢ ᠪᠣᠯᠤᠨ ᠷᠠᠰᠢᠶᠠᠨ ᠤ ᠸᠧᠨᠴᠢᠤᠸᠠᠨ ᠵᠡᠭᠡᠯᠢ ᠥᠪᠡᠷᠮᠢᠴᠡ ᠰᠣᠶᠣᠯ ᠤᠨ ᠤᠷᠴᠢᠨ ᠲᠤᠭᠤᠷᠢᠨ᠂ ᠡᠯᠪᠡᠭ ᠪᠠᠶᠠᠯᠢᠭ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠵᠢᠭᠤᠯᠴᠢᠯᠠᠯ ᠤᠨ ᠰᠢᠯᠢᠳᠡᠭ ᠰᠠᠶᠢᠨ ᠦᠢᠯᠡᠴᠢᠯᠡᠭᠡ ᠪᠠᠷ ᠢᠶᠠᠨ ᠵᠢᠭᠤᠯᠴᠢᠯᠠᠭᠴᠢᠳ ᠤᠨ ᠰᠣᠨᠢᠷᠬᠠᠯ ᠢ ᠲᠠᠳᠠᠬᠰᠠᠨ ᠪᠠᠶᠢᠨ᠎ᠠ᠃ ᠷᠠᠰᠢᠶᠠᠨ ᠤ ᠲᠠᠢ ᠸᠧᠶ ᠴᠠᠨᠠᠯᠠᠯᠳᠠ ᠶᠢᠨ ᠲᠠᠯᠠᠪᠠᠶ ᠲᠡᠷᠢᠭᠦᠨ ᠲᠠᠰ ᠤᠨ ᠴᠠᠨᠠᠯᠠᠯᠳᠠ ᠶᠢᠨ ᠲᠤᠨᠤᠭ ᠲᠥᠬᠦᠭᠡᠷᠦᠮᠵᠢ᠂ ᠢᠵᠢ ᠪᠥᠷᠢᠳᠦᠭᠰᠡᠨ ᠦᠢᠯᠡᠴᠢᠯᠡᠭᠡ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠯᠪᠡᠭ ᠪᠠᠶᠠᠯᠢᠭ ᠠᠵᠢᠯᠯᠠᠭ᠎ᠠ ᠪᠠᠷ ᠢᠶᠠᠨ ᠴᠠᠨᠠᠯᠠᠯᠳᠠ ᠳᠤ ᠳᠤᠷᠠᠲᠠᠶ ᠬᠥᠮᠦᠰ ᠤᠨ ᠬᠠᠯᠠᠭᠤᠨ ᠰᠣᠩᠭᠤᠯᠲᠠ ᠶᠢᠨ ᠭᠠᠵᠠᠷ ᠪᠤᠯᠪᠠ᠃ ᠣᠷᠣᠨ ᠤ ᠲᠠᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠴᠣᠯᠠ ᠭᠥᠷᠳᠡᠭᠰᠡᠨ ᠸᠠᠩ ᠪᠦᠭᠡ ᠡᠮᠴᠢ ᠶᠢᠨ ᠮᠣᠩᠭᠤᠯ ᠡᠮᠨᠡᠯᠭᠡ ᠶᠢᠨ ᠡᠮᠲᠦ ᠤᠬᠢᠶᠠᠯᠭ᠎ᠠ ᠶᠢᠨ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ ᠪᠠᠶᠢᠭᠠᠯᠢ ᠶᠢᠨ ᠳᠠᠪᠠᠭᠤᠯᠢᠭ ᠣᠷᠴᠢᠨ ᠲᠣᠭᠤᠷᠢᠨ᠂ ᠲᠤᠰᠬᠠᠶ ᠮᠡᠷᠭᠡᠵᠢᠯ ᠤᠨ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ ᠵᠢᠴᠢ ᠤᠯᠠᠨ ᠶᠠᠩᠵᠦ ᠶᠢᠨ ᠡᠷᠡᠬᠦᠯᠵᠢᠯ ᠰᠤᠪᠢᠯᠠᠯᠳᠠ ᠶᠢᠨ ᠵᠢᠭᠤᠯᠴᠢᠯᠠᠯ ᠤᠨ ᠪᠦᠳᠦᠭᠡᠭᠳᠡᠬᠦᠨ ᠢᠶᠠᠷ ᠢᠶᠠᠨ ᠬᠦᠮᠦᠰ ᠲᠤ ᠰᠡᠯᠡᠬᠦᠴᠡᠯ᠂ ᠰᠤᠪᠢᠯᠠᠯᠳᠠ᠂ ᠵᠢᠭᠤᠯᠴᠢᠯᠠᠯ ᠢ ᠨᠢᠭᠡ ᠴᠤᠭᠴᠠᠵᠢᠭᠤᠯᠤᠭᠰᠠᠨ ᠶᠡᠷᠦᠩᠭᠡᠶᠢᠯᠡᠭᠰᠡᠨ ᠴᠢᠨᠠᠷᠳᠠᠢ ᠡᠷᠡᠬᠦᠯᠵᠢᠯ ᠰᠤᠪᠢᠯᠠᠯᠳᠠ ᠶᠢᠨ ᠭᠠᠵᠠᠷ ᠬᠠᠩᠭᠠᠭᠰᠠᠨ ᠪᠠᠶᠢᠨ᠎ᠠ᠃ ︵ᠴᠡᠩᠭᠡᠯ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号