ᠤᠯᠤᠰ ᠤᠨ ᠪᠠᠶᠠᠷ ᠤᠨ ᠠᠮᠠᠷᠠᠯᠲᠠ ᠶᠢᠨ ᠭᠠᠯᠳᠤ ᠲᠡᠷᠬᠡᠨ ᠪᠢᠯᠧᠲ ᠢ ᠡᠬᠢᠯᠡᠵᠦ ᠬᠤᠳᠠᠯᠳᠤᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 17 ᠤ ᠡᠳᠤᠷ ᠠᠴᠠ ᠡᠬᠢᠯᠡᠵᠦ ᠤᠯᠤᠰ ᠤᠨ ᠪᠠᠶᠠᠷ ᠤᠨ ᠠᠮᠠᠷᠠᠯᠲᠠ ᠶᠢᠨ ᠭᠠᠯᠳᠤ ᠲᠡᠷᠬᠡᠨ ᠪᠢᠯᠧᠲ ᠢ ᠬᠤᠳᠠᠯᠳᠤᠵᠠᠢ᠃ ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠮᠥᠨ ᠬᠦ ᠬᠥᠭᠵᠢᠶᠡᠨ ᠲᠠᠢ ᠪᠠᠶᠢᠵᠤ᠂ ᠠᠮᠠᠷᠠᠯᠲᠠ ᠶᠢᠨ ᠡᠮᠦᠨᠡᠬᠢ ᠡᠳᠦᠷ ᠵᠢᠴᠢ ᠠᠩᠬᠠᠨ ᠤ ᠡᠳᠦᠷ ᠤᠨ ᠣᠯᠠᠨ ᠲᠡᠷᠭᠡᠨ ᠪᠢᠯᠧᠲ ᠢ ᠨᠢᠭᠡᠨᠲᠡ ᠬᠤᠳᠠᠯᠳᠤᠵᠤ ᠳᠠᠭᠤᠰᠪᠡ᠃ ᠡᠬᠦᠨ ᠳᠤ᠂ ᠴᠦᠩᠴᠢᠩ — ᠴᠧᠩᠳᠦ᠋᠂ ᠲᠢᠶᠠᠨᠵᠢᠨ — ᠪᠡᠭᠡᠵᠢᠩ᠂ ᠱᠠᠩᠬᠠᠢ — ᠬᠠᠩᠵᠧᠦ᠂ ᠴᠧᠩᠳᠦ᠋ — ᠯᠧᠱᠠᠨ ᠵᠡᠷᠬᠡ ᠤᠶᠢᠷ᠎ᠠ ᠵᠠᠮ ᠤᠨ ᠲᠡᠷᠭᠡᠨ ᠪᠢᠯᠧᠲ ᠮᠠᠰᠢ ᠬᠠᠯᠠᠮᠰᠢᠯ ᠲᠠᠢ ᠪᠠᠶᠢᠵᠦ᠂ ᠪᠡᠭᠡᠵᠢᠩ — ᠴᠠᠩᠱᠠ᠂ ᠪᠡᠭᠡᠵᠢᠩ — ᠦᠬᠠᠨ᠂ ᠱᠠᠩᠬᠠᠢ — ᠭᠤᠸᠠᠩᠵᠧᠦ᠂ ᠭᠤᠸᠠᠩᠵᠧᠦ — ᠴᠦᠩᠴᠢᠩ ᠬᠦᠷᠬᠦ ᠬᠤᠯᠠ ᠵᠠᠮ ᠤᠨ ᠲᠡᠷᠬᠡᠨ ᠪᠢᠯᠧᠲ ᠤᠨ ᠵᠠᠬᠢᠶᠠᠯᠠᠭ᠎ᠠ ᠴᠤ ᠮᠠᠰᠢ ᠬᠦᠭᠵᠢᠶᠡᠨᠳᠡᠢ ᠪᠤᠢ᠃      ᠬᠠᠮᠢᠶ᠎ᠠ ᠪᠦᠬᠦᠢ ᠰᠦᠯᠵᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠠᠶᠠᠨᠴᠢᠳ ᠤᠨ ᠪᠦᠲᠦᠴᠡ ᠠᠴᠠ ᠦᠵᠡᠪᠡᠯ᠂ ᠵᠣᠨ ᠤ ᠠᠮᠠᠷᠠᠯᠲᠠ ᠲᠠᠢ ᠬᠠᠷᠢᠴᠠᠭᠤᠯᠪᠠᠯ᠂ ᠨᠠᠢᠮᠠᠨ ᠰᠠᠷ᠎ᠠ ᠶᠢᠨ ᠲᠡᠷᠭᠡᠯ ᠪᠠᠶᠠᠷ ᠪᠠ ᠤᠯᠤᠰ ᠤᠨ ᠪᠠᠶᠠᠷ ᠤᠨ ᠠᠮᠠᠷᠠᠯᠳᠡ ᠶᠢᠨ ᠬᠤᠭᠤᠴᠠᠭᠠᠨ ᠳᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠬᠥᠮᠥᠰ ᠤᠨ ᠡᠵᠡᠯᠡᠬᠦ ᠬᠠᠷᠢᠴᠠᠯ ᠨᠡᠯᠢᠶᠡᠳ ᠢᠯᠡᠷᠬᠡᠢ ᠨᠡᠮᠡᠭᠳᠡᠵᠦ᠂ ᠵᠢᠭᠤᠯᠴᠢᠯᠠᠬᠤ ᠪᠠᠷ ᠵᠤᠷᠴᠢᠬᠤ ᠬᠦᠮᠦᠰ ᠤᠨ ᠡᠵᠡᠯᠡᠬᠦ ᠬᠠᠷᠢᠴᠠᠯ ᠪᠠᠭᠠᠰᠤᠭᠰᠠᠨ ᠪᠠᠶᠢᠨ᠎ᠠ᠃ ᠨᠠᠰᠤᠨ ᠤ ᠲᠠᠯ᠎ᠠ ᠠᠴᠠ ᠠᠪᠴᠤ ᠦᠵᠡᠪᠡᠯ᠂ ᠡᠴᠢᠭᠡ ᠡᠬᠡ ᠪᠣᠯᠣᠨ ᠦᠷ᠎ᠡ ᠬᠡᠦᠬᠡᠳ ᠤᠨ ᠵᠢᠭᠤᠯᠴᠢᠯᠠᠯ᠂ ᠨᠠᠰᠤᠳᠠᠶᠢᠴᠤᠳ ᠤᠨ ᠡᠵᠡᠯᠡᠬᠦ ᠬᠠᠷᠢᠴᠠᠯ ᠢᠯᠡᠳᠲᠡ ᠪᠠᠭᠠᠰᠤᠭᠰᠠᠨ ᠪᠠᠶᠢᠨ᠎ᠠ᠃ ᠨᠠᠩ ᠣᠯᠠᠨ ︽ᠬᠥᠯᠥᠰᠦᠨ ᠠᠵᠢᠯᠴᠢᠳ︾ ᠨᠤᠲᠤᠭ ᠲᠠᠭᠠᠨ ᠪᠤᠴᠠᠬᠤ ᠪᠤᠶᠤ ᠣᠶᠢᠷ᠎ᠠ ᠵᠠᠮ ᠤᠨ ᠣᠶᠢᠷ᠎ᠠ ᠬᠠᠪᠢ ᠪᠠᠷ ᠵᠢᠭᠤᠯᠴᠢᠯᠠᠬᠤ ᠠᠶᠠᠨᠴᠢᠳ ᠨᠡᠮᠡᠭᠳᠡᠵᠡᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号