ᠷᠠᠰᠢᠶᠠᠨ ᠬᠤᠲᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠵᠢᠴᠢ ᠲᠤᠭᠤᠷ ᠤᠨ ᠭᠤᠤᠯ ᠤᠨ ᠣᠷᠣᠰᠬᠠᠯ ᠤᠨ ᠬᠠᠷᠰᠢ ᠰᠠᠭᠠᠳ ᠢ ᠠᠷᠢᠯᠭᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 30 ᠤ ᠡᠳᠦᠷ᠂ ᠷᠠᠰᠢᠶᠠᠨ ᠬᠤᠲᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠵᠢᠴᠢ ᠲᠤᠭᠤᠷ ᠤᠨ ᠭᠤᠤᠯ ᠤᠨ ᠣᠷᠣᠰᠬᠠᠯ ᠤᠨ ᠬᠠᠷᠰᠢ ᠰᠠᠭᠠᠳ ᠲᠣᠳᠬᠠᠷ ᠢ ᠠᠷᠢᠯᠭᠠᠬᠤ ᠠᠵᠢᠯ ᠤᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠤᠨ ᠲᠤᠭᠤᠷ ᠤᠨ ᠭᠤᠤᠯ ᠤᠨ ᠣᠷᠣᠰᠬᠠᠯ ᠤᠨ ᠬᠠᠷᠰᠢ ᠰᠠᠭᠠᠳ ᠢ ᠠᠷᠢᠯᠭᠠᠬᠤ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ ᠢ ᠲᠠᠷᠬᠠᠭᠠᠵᠣ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠪᠦᠬᠦ ᠬᠤᠳᠠ ᠪᠠᠷ ᠢᠶᠠᠨ ᠣᠳᠣᠬᠠᠨ ᠤ ᠦᠶᠡᠷ ᠢ ᠰᠡᠷᠭᠡᠶᠢᠯᠡᠬᠦ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠣᠶᠢᠯᠰᠢᠷᠡᠯ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠳᠠᠷᠦ᠋ᠢᠬᠠᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠶᠢ ᠪᠠᠷᠢᠮᠳᠡᠯᠠᠬᠤ ᠶᠢ ᠶᠠᠪᠤᠳᠠᠯ ᠪᠣᠯᠭᠠᠨ ᠳᠤ ᠨᠠᠶᠢᠳᠡᠪᠣᠷᠢᠵᠢᠭᠤᠯᠬᠤ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠤᠭᠤᠷ ᠤᠨ ᠭᠤᠣᠯ ᠤᠨ ᠣᠷᠣᠰᠬᠠᠯ ᠤᠨ ᠬᠠᠷᠰᠢ ᠰᠠᠭᠠᠳ ᠢ ᠠᠷᠢᠯᠭᠠᠬᠤ ᠠᠵᠢᠯ ᠢ ᠰᠢᠰᠲ᠋ᠧᠮ ᠲᠠᠢ ᠲᠣᠬᠢᠷᠠᠭᠤᠯᠵᠤ᠂ ᠪᠦᠬᠦ ᠬᠦᠴᠦᠨ ᠢᠶᠠᠷ ᠠᠬᠢᠭᠤᠯᠵᠤ᠂ ᠬᠠᠮᠢᠶ᠎ᠠ ᠪᠦᠬᠦᠢ ᠮᠡᠳᠡᠭᠳᠡᠯ ᠢ ᠴᠠᠭ ᠲᠤᠬᠠᠢ ᠳᠤᠨᠢ ᠨᠡᠶᠢᠲᠡᠯᠡᠵᠦ᠂ ᠠᠮᠤᠷ ᠲᠦᠪᠰᠢᠨ ᠢ ᠰᠦᠷᠳᠡᠭᠦᠯᠦᠭᠰᠡᠨ ᠬᠠᠰᠢᠯᠭ᠎ᠠ ᠶᠢᠨ ᠲᠠᠷᠢᠮᠠᠯ ᠵᠢᠴᠢ ᠤᠢ ᠮᠣᠳᠣ ᠶᠢ ᠲᠣᠭᠤᠰᠢᠳᠡᠢ ᠠᠷᠢᠯᠭᠠᠵᠤ᠂ ᠴᠡᠪᠡᠷᠯᠡᠬᠦ ᠶᠣᠰᠣᠲᠠᠢ ᠶᠢ ᠨᠢ ᠪᠦᠬᠦᠨ ᠢ ᠴᠡᠪᠡᠷᠯᠡᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠯ᠎ᠡ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠡᠮᠦᠨ᠎ᠡ ᠹᠷᠣᠨᠲ ᠲᠤ ᠬᠦᠷᠴᠦ ᠵᠢᠯᠣᠭᠤᠳᠣᠨ᠂ ᠨᠢᠭᠡᠳᠦᠭᠡᠷ ᠹᠷᠣᠨᠲ ᠢᠶᠠᠷ ᠭᠦᠨᠵᠡᠭᠡᠶᠢᠷᠡᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯ ᠠᠴᠠ ᠠᠪᠤᠷᠠᠬᠤ ᠶᠢ ᠲᠦᠷᠭᠡᠨ ᠵᠣᠬᠢᠶᠠᠨ ᠪᠠᠶᠢᠭᠤᠯᠬᠤ ᠬᠡᠷᠡᠭᠲᠡᠶ︔ ᠠᠯᠪᠠᠨ ᠬᠡᠷ ᠠᠴᠠ ᠰᠠᠨᠠᠭᠤᠯᠤᠮᠵᠢ ᠶᠢ ᠴᠠᠭ ᠲᠤᠬᠠᠶ ᠳᠤᠨᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠰᠠᠶᠢᠲᠤᠷ ᠬᠢᠵᠦ᠂ 24 ᠴᠠᠭ ᠢᠶᠠᠷ ᠵᠢᠵᠢᠭᠦᠷᠯᠡᠨ ᠰᠠᠬᠢᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠣᠨ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠣ ᠴᠢᠬᠤᠯᠠᠴᠢᠯᠡᠵᠡᠢ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号