ᠳᠤᠮᠳᠠᠳᠤ ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠠᠯᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠠᠯᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠡ᠃ ᠬᠤᠷᠡᠯ ᠲᠡᠭᠡᠷ᠎ᠡ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠮᠠᠨ ᠤ ᠣᠷᠣᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠣᠯᠭᠠᠭᠤᠯᠬᠤ ᠦᠶ᠎ᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠮ ᠤᠨ ᠪᠠᠶᠢᠭᠤᠯᠤᠯᠲᠠ᠂ ᠥᠷᠢ ᠦᠭᠴᠡᠭᠡ ᠶᠢ ᠠᠷᠢᠯᠭᠠᠬᠤ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠳᠡ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠬᠤ᠂ ᠨᠡᠬᠡᠬᠡᠯᠳᠡ ᠬᠢᠵᠦ ᠬᠠᠮᠵᠢᠯᠴᠠᠬᠤ ᠶᠢ ᠥᠷᠭᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠨᠡᠩ ᠤᠯᠠᠨ ᠲᠦᠷᠦᠯ ᠵᠦᠢᠯ ᠢ ᠳᠡᠭᠡᠳᠦ ᠱᠠᠲᠤᠨ ᠤ ︽ᠳᠠᠪᠴᠠᠩ︾ ᠳᠤ ᠣᠷᠣᠭᠤᠯᠬᠤ ᠪᠠᠷ ᠴᠢᠷᠮᠠᠶᠢᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠵᠤ᠂ ᠬᠤᠳᠠ ᠶᠢᠨ ᠱᠠᠲᠤᠨ ᠤ ᠤᠳᠤᠷᠢᠳᠤᠯᠭ᠎ᠠ  ᠲᠠᠭᠠᠭᠤᠯᠣᠨ ᠤᠷᠢᠳᠠᠪᠠᠷ ᠰᠤᠷᠤᠯᠴᠠᠨ᠂ ᠭᠦᠨᠵᠡᠭᠡᠢ ᠰᠤᠷᠤᠯᠴᠠᠵᠤ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠬᠦᠯᠬᠦ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠣᠨ᠂ ᠲᠣᠭᠲᠠᠭᠠᠯ ᠤᠨ ᠱᠠᠭᠠᠷᠳᠠᠯᠭ᠎ᠠ ᠶᠢ ᠡᠯ᠎ᠡ ᠱᠤᠭᠤᠮ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠣᠨ᠂ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠡᠢ᠃ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠮᠠᠨ ᠤ ᠣᠷᠣᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶᠢᠲᠤᠷ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠤᠯᠠᠮ ᠨᠢᠭᠡ ᠠᠯᠬᠤᠮ ᠡᠮᠬᠢᠯᠡᠨ ᠨᠠᠷᠢᠯᠢᠬᠵᠢᠭᠤᠯᠵᠤ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠯᠤᠭ᠎ᠠ ᠶᠢᠨ ᠬᠠᠮᠵᠢᠯᠴᠠᠭ᠎ᠠ ᠶᠢ ᠵᠣᠯᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠰᠣᠯᠢᠯᠴᠠᠭ᠎ᠠ᠂ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠲᠠᠯ᠎ᠠ ᠪᠠᠷ ᠨᠠᠩ ᠣᠯᠠᠨ ᠬᠠᠮᠵᠢᠯᠴᠠᠭᠠᠨ ᠤ ᠦᠷ᠎ᠡ ᠪᠦᠲᠦᠭᠡᠯ ᠢ ᠪᠣᠶ ᠪᠣᠯᠭᠠᠬᠤ ᠪᠠᠷ ᠴᠢᠷᠮᠠᠶᠢᠬᠤ ᠬᠡᠷᠡᠭᠲᠡᠶ  ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠳᠤᠯᠤᠭ᠎ᠠ ᠶᠢ ᠬᠡᠷᠬᠢᠨ ᠲᠣᠭᠲᠠᠭᠠᠬᠤ︾ ᠪᠠ ᠦᠨᠳᠦᠰᠦᠨ ᠱᠠᠲᠤᠨ ᠤ ᠵᠠᠰᠠᠯᠲᠠ ᠶᠢᠨ ︽ᠲᠠᠪᠤᠨ ᠲᠠᠯ᠎ᠠ ᠶᠢᠨ ᠠᠰᠠᠭᠤᠳᠠᠯ︾ ᠢᠶᠠᠷ ᠭᠠᠷᠳᠠᠴᠠ ᠪᠣᠯᠭᠠᠵᠤ᠂ ᠦᠨᠡᠯᠡᠭᠰᠡᠨ ᠰᠠᠨᠠᠯ ᠢᠶᠠᠨ ᠬᠠᠷᠢᠴᠠᠭᠤᠯᠤᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠡᠵᠡᠢ᠃    ᠬᠤᠷᠠᠯ ᠠᠴᠠ᠂ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠰᠡᠳᠦᠪ ᠢᠶᠠᠨ ᠬᠠᠮᠲᠤᠪᠠᠷ ᠬᠠᠷᠢᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ︽ᠣᠷᠣᠯᠭ᠎ᠠ ᠪᠠᠨ ᠨᠡᠮᠡᠭᠳᠡᠭᠦᠯᠵᠦ᠂ ᠵᠠᠷᠤᠯᠭ᠎ᠠ ᠪᠠᠨ ᠪᠠᠭᠠᠰᠬᠠᠬᠤ︾ ᠬᠤᠣᠰ ᠠᠷᠭ᠎ᠠ ᠶᠢ ᠵᠡᠷᠭᠡᠪᠡᠷ ᠬᠡᠷᠡᠭᠯᠡᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠠ᠃    ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠥᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠲᠤᠰᠬᠠᠢ ᠰᠡᠳᠦᠪ ᠢᠶᠠᠷ ᠰᠤᠳᠤᠯᠵᠤ᠂ ᠣᠨᠣᠪᠴᠢᠲᠠᠢ ᠪᠠᠶᠢᠷᠢᠯᠠᠭᠤᠯᠵᠤ᠂ ᠪᠠᠶᠢᠳᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠦᠷ᠎ᠡ ᠪᠦᠲᠦᠮᠵᠢ ᠲᠣᠳᠣᠷᠬᠠᠢ ᠪᠠᠶᠢᠬᠤ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ   ᠭᠡᠵᠣ ᠴᠢᠬᠤᠯᠠᠴᠢᠯᠠᠵᠡᠢ᠃    ᠬᠤᠷᠠᠯ ᠠᠴᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠤᠬᠠᠮᠰᠠᠷ ᠤᠨ ᠬᠡᠯᠪᠡᠷᠢᠴᠢ ᠦᠵᠡᠯ ᠤᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ︽ᠲᠤᠮᠤ ᠢᠨᠲ᠋ᠧᠷ ᠰᠦᠯᠵᠢᠶᠡᠨ ᠤ ᠮᠡᠳᠡᠭᠡ ᠵᠠᠩᠭᠢ︾ ᠶᠢᠨ ᠠᠵᠢᠯ ᠤᠨ ᠪᠠᠶᠢᠷᠢᠰᠢᠯ ᠢ ᠬᠠᠮᠲᠤᠪᠠᠷ ᠪᠠᠶᠢᠭᠤᠯᠵᠤ᠂ ᠪᠦᠬᠦ ᠬᠤᠳᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠡᠮᠬᠢᠯᠡᠨ ᠵᠠᠳᠠᠯᠵᠤ᠂ ᠱᠠᠯᠠᠪᠳᠠᠭᠤᠯᠣᠨ ᠠᠬᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠬᠦ ᠬᠡᠷᠡᠭᠲᠡᠢ᠃ ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠭᠤᠷᠪᠠᠳᠤᠭᠠᠷ ᠤᠯᠠᠷᠢᠯ ᠤᠨ ︽ᠵᠠᠩᠭᠢᠯᠠᠭ᠎ᠠ ᠶᠢᠨ ᠬᠤᠭᠤᠴᠠᠭ᠎ᠠ︾ ᠪᠠ ︽ᠰᠢᠵᠢᠷ ᠠᠯᠳᠠᠨ ᠬᠤᠭᠤᠴᠠᠭ᠎ᠠ︾ ᠶᠢ ᠰᠠᠶᠢᠲᠤᠷ ᠠᠳᠬᠤᠬᠤ ᠬᠡᠷᠡᠭᠲᠡᠢ᠃ ︽ᠭᠤᠷᠪᠠᠨ ᠶᠡᠭᠡ ᠪᠣᠭᠤᠮᠲᠠ ᠰᠢᠪᠲᠤᠯᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠦᠷᠭᠡᠨ ᠦᠷ᠎ᠡ ᠪᠦᠲᠦᠭᠡᠯ ᠭᠠᠷᠭᠠᠬᠤ᠂ ᠢᠯᠡᠭᠦᠬᠡᠨ ᠦᠷ᠎ᠡ ᠪᠦᠲᠦᠭᠡᠯ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠠᠮᠵᠢᠯᠠᠯᠲᠤ ᠰᠡᠳᠬᠢᠬᠦᠶ ᠶᠢᠨ ᠵᠠᠭᠪᠤᠷ ᠢ ᠡᠪᠳᠡᠵᠦ᠂ ᠭᠤᠤᠯ ᠰᠡᠳᠦᠪ ᠢᠶᠠᠨ ᠲᠣᠳᠣᠷᠬᠠᠶᠢᠯᠠᠵᠤ᠂ ᠣᠨᠴᠠᠯᠢᠭ ᠢᠶᠠᠨ ᠭᠠᠷᠭᠠᠵᠤ᠂ ᠷᠠᠰᠢᠶᠠᠨ ᠤ ᠮᠥᠰᠥ ᠴᠠᠰᠤᠨ ᠤ ᠤᠯᠠᠷᠢᠯ ᠢ ᠦᠷᠭᠦᠯᠵᠢᠯᠡᠨ ᠴᠣᠭᠴᠠᠯᠠᠵᠤ᠂ ᠡᠪᠦᠯ ᠤᠨ ᠤᠯᠠᠷᠢᠯ ᠤᠨ  ᠵᠢᠭᠤᠯᠴᠢᠯᠠᠯ ᠤᠨ  ᠬᠦᠭᠵᠢᠶᠠᠨᠳᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号