ᠸᠠᠩ ᠰᠢᠶᠤᠤ ᠬᠤᠸᠠᠨ ᠲᠢᠶᠠᠨ ‍ᠣᠣᠢ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/2
    8 ᠰᠠᠷ᠎ᠠ ᠶᠢᠨ 31 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠲᠢᠶᠠᠨ ‍ᠣᠣᠢ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠶᠢᠨ ᠵᠢᠶᠠᠩ ᠭᠸᠦ ᠬᠠᠯᠠᠭᠤᠨ ᠷᠠᠰᠢᠶᠠᠨ ᠤ ᠠᠮᠠᠷᠠᠯᠲᠠ ᠶᠢᠨ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠸᠠᠩ ᠬᠠᠶ ᠵᠢᠶᠦ᠋ᠨ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠰᠢᠶᠤᠤ ᠬᠤᠸᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠠᠲᠤᠳᠬᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠳᠣᠷᠡᠯ ᠬᠦᠴᠦᠨ ᠢ ᠪᠣᠶ ᠪᠣᠯᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠶ ᠬᠢᠵᠦ᠂ ᠨᠠᠷᠢᠯᠢᠭ ᠬᠢᠵᠦ᠂ ᠨᠠᠶᠢᠳᠠᠪᠤᠷᠢᠵᠢᠭᠤᠯᠬᠤ ᠬᠡᠷᠡᠭᠲᠡᠶ︔ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠯᠭᠠᠰᠤ ᠵᠡᠭᠡᠯᠢ ᠶᠢᠨ ᠡᠷᠬᠢᠨ ᠲᠣᠭᠤᠷᠢᠨ ᠤ ᠭᠤᠣᠯ ᠵᠠᠮ ᠪᠠ ᠵᠠᠩᠭᠢᠯᠠᠭ᠎ᠠ ᠶᠢᠨ ᠭᠤᠭᠴᠤᠭ᠎ᠠ ᠶᠢ ᠪᠥᠬᠦ ᠲᠠᠯ᠎ᠠ ᠪᠠᠷ ᠲᠦᠢᠯᠪᠤᠷᠢᠲᠠᠶ ᠴᠡᠭᠴᠡᠯᠡᠨ ᠵᠠᠰᠠᠵᠤ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ︽ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ︾ ᠬᠡᠷᠡᠭᠲᠡᠢ︔ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠵᠣᠬᠢᠴᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠸᠠᠩ ᠰᠢᠶᠤᠤ ᠬᠤᠸᠠᠨ ᠨᠠᠷ ᠪᠠᠰᠠ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠢ ᠪᠣᠳᠠᠲᠠᠢ ᠲᠤᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号