ᠷᠠᠰᠢᠶᠠᠨ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ︽ᠲᠥᠷᠥᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 30 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠷᠠᠰᠢᠶᠠᠨ ᠬᠤᠲᠠ ᠶᠢᠨ ︽ᠲᠥᠷᠥᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠠ ᠪᠠᠯᠠ ᠣᠷᠣᠭᠤᠯᠤᠯᠲᠠ ᠶᠢ ᠪᠠᠬᠢᠵᠢᠭᠦᠯᠵᠦ ᠪᠡᠶᠡᠯᠡᠭᠦᠯᠦᠭᠰᠡᠨ ᠪᠠᠶᠢᠳᠠᠯ ᠵᠢᠴᠢ 9 ᠰᠠᠷ᠎ᠠ ᠶᠢᠨ ᠡᠭᠦᠷᠭᠡᠳᠣ ᠬᠠᠷᠠᠯᠲᠠ ᠶᠢ ᠰᠤᠳᠤᠯᠤᠨ ᠰᠣᠨᠣᠰᠴᠤ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠬᠤᠲᠠ ᠶᠢᠨ ᠲᠠᠰ ᠤᠨ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ᠂ ᠡᠯ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠢᠭᠡᠴᠢ ᠣᠳᠣᠬᠠᠨ ᠤ ᠪᠡᠯᠡ ᠣᠷᠣᠭᠤᠯᠤᠯᠲᠠ ᠶᠢᠨ ᠬᠦᠨᠳᠦ ᠨᠣᠴᠢᠲᠠᠢ ᠪᠠᠶᠢᠳᠠᠯ ᠢ ᠲᠣᠳᠣᠷᠬᠠᠢ ᠲᠠᠨᠢᠵᠤ᠂ ᠬᠠᠷᠠᠯᠲᠠ ᠡᠭᠦᠷᠭᠡ ᠪᠠᠨ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠲᠦᠷᠭᠡᠨ ᠪᠦᠷᠢᠯᠳᠦᠭᠦᠯᠵᠦ᠂ ᠭᠤᠷᠪᠠᠳᠤᠭᠠᠷ ᠤᠯᠠᠷᠢᠯ ᠳᠤ ᠲᠣᠭᠲᠠᠮᠠᠯ ᠪᠡᠯᠡ ᠣᠷᠣᠭᠤᠯᠤᠯᠲᠠ ᠶᠢᠨ ︽ᠪᠠᠭᠤᠷᠠᠬᠤ ᠶᠢ ᠵᠣᠭᠰᠣᠭᠠᠬᠤ︾ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯ ᠬᠤᠪᠢᠶᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠣᠶᠤᠨ ᠴᠢᠳᠠᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠵᠤ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠳᠥᠷᠪᠡᠳᠦᠭᠡᠷ ᠤᠯᠠᠷᠢᠯ ᠤᠨ ︽ᠭᠤᠷᠪᠠᠨ ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠵᠥᠪᠯᠡᠯᠭᠡᠨ ᠤ ᠬᠤᠷᠠᠯ ᠳᠡᠭᠡᠷ᠎ᠡ ᠰᠠᠶᠢᠨ ᠬᠢᠷᠢ ᠪᠦᠲᠦᠮᠵᠢ ᠤᠯᠬᠤ ᠬᠡᠷᠡᠭᠲᠡᠶ  ᠭᠡᠵᠣ ᠴᠢᠬᠤᠯᠠᠴᠢᠯᠡᠵᠡᠢ᠃    ᠬᠤᠷᠠᠯ ᠳᠡᠭᠡᠷ᠎ᠡ ᠪᠠᠰᠠ ᠭᠤᠤᠯᠳᠠᠯᠭ᠎ᠠ ᠲᠠᠢ ᠲᠥᠷᠥᠯ ᠵᠦᠢᠯ ᠤᠨ ᠪᠣᠳᠠᠲᠠᠶ ᠠᠰᠠᠭᠤᠳᠠᠯ ᠳᠤ ᠴᠢᠭᠯᠡᠭᠦᠯᠦᠨ ᠲᠣᠬᠢᠷᠠᠭᠤᠯᠤᠯᠲᠠ ᠬᠢᠪᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号