ᠷᠠᠰᠢᠶᠠᠨ ᠬᠤᠳᠠ ᠶᠢᠨ ᠠᠭᠤᠳᠠᠮ ᠲᠠᠯᠠᠪᠠᠢ ᠶᠢᠨ ᠪᠦᠵᠢᠭ ᠤᠨ ᠦᠵᠡᠬᠦᠯᠭᠡ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/9/2
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠦᠨ ᠨᠠᠶᠢᠳᠠᠪᠤᠷᠢᠵᠢᠭᠤᠯᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ᠂ 8 ᠰᠠᠷ᠎ᠠ ᠶᠢᠨ 25 ᠤ ᠡᠳᠦᠷ᠂ ᠷᠠᠰᠢᠶᠠᠨ ᠬᠤᠳᠠ ᠳᠤ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ ᠭᠤᠣᠯ ᠰᠡᠳᠦᠪ ᠪᠣᠯᠭᠠᠭᠰᠠᠨ ᠠᠭᠤᠳᠠᠮ ᠲᠠᠯᠠᠪᠠᠢ ᠶᠢᠨ ᠪᠥᠵᠢᠭ ᠤᠨ ᠦᠵᠡᠭᠦᠯᠭᠡ ᠭᠠᠷᠭᠠᠵᠦ᠂ ᠨᠡᠶᠢᠳᠡ 6 ᠪᠥᠵᠢᠭ ᠤᠨ ᠠᠩᠭᠢ ᠶᠢᠨ 150 ᠭᠠᠷᠤᠢ ᠲᠤᠭᠯᠠᠭᠴᠢ ᠶᠢ ᠣᠷᠣᠯᠴᠠᠭᠤᠯᠪᠠ᠃      ︽ᠡᠬᠡ ᠤᠯᠤᠰ ᠤᠨ ᠤᠮᠠᠷᠠᠲᠤ ᠬᠢᠯᠢ ᠳᠤ ᠢᠷᠡᠭᠡᠷᠡᠶ︾ ᠭᠡᠬᠦ ᠪᠥᠵᠢᠭ ᠢᠶᠠᠷ ᠲᠤᠰ ᠤᠳᠠᠭᠠᠨ ᠤ ᠦᠵᠡᠭᠦᠯᠭᠡ ᠶᠢᠨ ᠬᠦᠰᠢᠭᠡ ᠶᠢ ᠰᠡᠭᠦᠵᠦ᠂ ︽ᠬᠠᠨᠴᠤᠢ ᠰᠢᠮᠠᠯᠠᠨ ᠴᠢᠷᠮᠠᠶᠢᠨ ᠠᠵᠢᠯᠯᠠᠬᠤ︾᠂ ︽ᠮᠤᠷᠢᠨ ᠡᠮᠡᠭᠡᠯ︾ ᠵᠡᠷᠭᠡ ᠦᠨᠳᠦᠰᠦᠲᠡᠨ ᠤ ᠣᠨᠴᠠᠯᠢᠭ ᠲᠠᠢ ᠪᠦᠵᠢᠭ ᠢ ᠲᠤᠬᠯᠠᠵᠦ᠂ ᠠᠭᠤᠳᠡᠮ ᠲᠠᠯᠠᠪᠠᠢ ᠶᠢᠨ ᠪᠦᠵᠢᠭ ᠤᠨ ᠥᠪᠡᠷᠮᠢᠴᠡ ᠬᠡᠪ ᠨᠠᠮᠪᠠ ᠶᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠠᠬᠢᠭᠤᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠤᠯ ᠵᠢᠷᠭᠠᠯᠲᠦ ᠲᠦᠷᠦᠭᠳᠡᠯ ᠢ ᠨᠢ ᠨᠡᠮᠡᠭᠳᠡᠭᠦᠯᠵᠠᠢ᠃ᠷᠠᠰᠢᠶᠠᠨ ᠬᠤᠲᠠ ᠤᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠷᠢᠮᠳᠠᠯᠠᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠂ ᠦᠨᠳᠦᠰᠦᠲᠡᠨ ᠨᠦᠭᠦᠳ ᠤᠨ ᠰᠣᠶᠣᠯ ᠤᠨ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠠᠷ ᠴᠢᠷᠮᠠᠶᠢᠵᠦ ᠪᠠᠶᠢᠨ᠎ᠠ᠃ ︵ᠳᠠᠷᠬᠠᠨ ᠪᠠᠢ ᠶᠢᠨ ᠶᠢᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号