ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠰᠤᠶᠤᠯ ᠤᠨ ᠦᠵᠡᠯ ᠰᠠᠨᠠᠭ᠎ᠠ ᠶᠢ ᠬᠦᠨᠵᠡᠭᠡᠢ | ᠨᠠᠶᠢᠳᠠᠪᠤᠷᠢᠵᠢᠭᠤᠯᠤᠨ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ | ᠴᠤᠬᠴᠠᠯᠠᠵᠤ᠂ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠠᠨ 75 ᠵᠢᠯ ᠤᠨ ᠤᠢ ᠶᠢ ᠪᠡᠯᠭᠡᠯᠡᠨ᠂ ᠤᠯᠤᠰ ᠤᠨ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠪᠤᠯᠬᠤ ︽ᠢᠷᠦᠭᠡᠯ ᠮᠠᠭᠳᠠᠭᠠᠯ︾ ᠢ | ᠤᠯᠠᠮᠵᠢᠯᠠᠨ ᠬᠠᠮᠠᠭᠠᠯᠠᠵᠦ᠂ ᠬᠢᠩᠭᠠᠨ ᠠᠶᠢᠮᠠᠬ ᠤᠨ ᠦᠨᠳᠦᠰᠦᠳᠡᠨ ᠤ ᠪᠦᠯᠬᠦᠯᠳᠡᠯ ᠲᠠᠪᠰᠢᠯᠳᠠ ᠶᠢᠨ ᠵᠢᠱᠢᠶᠡᠴᠢ | ᠠᠶᠢᠮᠠᠬ ᠤᠨ ᠢᠷᠠᠭᠤ ᠠᠯᠳᠠᠷ ᠢ ᠤᠯᠠᠮ ᠰᠠᠶᠢᠨ ᠤᠬᠠᠭᠤᠯᠤᠨ ᠲᠡᠯᠭᠡᠷᠡᠬᠦᠯᠬᠦ ᠶᠢᠨ ᠲᠦᠯᠦᠭᠡ ᠤᠯᠠᠭᠠᠨᠬᠤᠳᠠ ᠶᠢᠨ | ᠰᠤᠶᠤᠯ ᠤᠨ ᠦᠪ ᠬᠦᠷᠦᠩᠭᠡ ᠶᠢᠨ ᠬᠠᠮᠠᠭᠠᠯᠠᠯᠳᠠ ᠶᠢᠨ ᠲᠦᠪ᠂ ᠬᠢᠩᠭᠠᠨ ᠠᠶᠢᠮᠠᠬ ᠤᠨ ᠬᠠᠮ ᠵᠠᠭᠤᠴᠢᠯᠠᠭᠤᠷ ᠤᠨ | ᠲᠦᠪ᠂ ᠠᠶᠢᠮᠠᠬ ᠤᠨ ᠵᠤᠬᠢᠶᠠᠯᠴᠢᠳ ᠤᠨ ᠡᠪᠯᠡᠯ ᠠᠴᠠ ᠭᠤᠤᠯᠯᠠᠨ ᠡᠷᠬᠢᠯᠡᠵᠤ᠂ ᠤᠯᠠᠭᠠᠨᠬᠤᠳᠠ ᠶᠢᠨ ᠬᠤᠷᠴᠢᠨ | ᠢᠳᠡᠭᠡᠨ ᠤᠮᠳᠠᠭᠠᠨ ᠤ ᠬᠠᠮᠢᠶᠠᠷᠤᠯᠳᠠ ᠦᠢᠯᠡᠴᠢᠯᠡᠭᠡᠨ ᠤ ᠬᠠᠷᠢᠭᠤᠴᠠᠯᠭᠠᠳᠤ ᠺᠤᠮᠫᠠᠨᠢ᠂ ᠤᠯᠠᠭᠠᠨᠬᠤᠳᠠ ᠶᠢᠨ | ᠠᠷᠠᠳ ᠤᠨ ᠤᠷᠠᠯᠢᠬᠴᠢᠳ ᠤᠨ ᠡᠪᠯᠡᠯ᠂ ᠤᠯᠠᠭᠠᠨᠬᠤᠳᠠ ᠶᠢᠨ ᠬᠤᠩ ᠴᠧᠩ ᠲᠤᠮᠳᠠᠳᠤ ᠰᠤᠷᠭᠠᠭᠤᠯᠢ ᠠᠴᠠ | ᠲᠠᠭᠠᠭᠠᠴᠢᠯᠠᠨ ᠡᠷᠬᠢᠯᠡᠭᠰᠠᠡ ︽ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠬᠠᠮᠠᠭᠠᠯᠠᠵᠤ᠂ ᠲᠡᠤᠭᠡ | ᠰᠤᠶᠤᠯ ᠤᠨ ᠷᠢᠳᠢ ᠰᠢᠳᠢ ᠶᠢ ᠭᠠᠶᠢᠬᠠᠭᠤᠯᠬᠤ︾ ᠭᠤᠤᠯ ᠰᠡᠳᠦᠪᠳᠤ ᠬᠢᠩᠭᠠᠨ ᠠᠶᠢᠮᠠᠬ ᠤᠨ ᠠᠩᠬᠠᠳᠤᠭᠠᠷ | ᠬᠤᠭᠤᠴᠠᠭᠠᠨ ᠤ ︽ᠬᠤᠷᠴᠢᠨ ᠬᠤᠨᠳᠠᠭᠠᠳᠤ︾ ᠢᠷᠦᠭᠡᠯ ᠮᠠᠬᠳᠠᠭᠠᠯ ᠤᠨ ᠤᠷᠤᠯᠳᠤᠭᠠᠨ ᠢ ᠦᠯᠵᠡᠢ ᠮᠦᠷ ᠲᠠᠢ | ᠰᠠᠶᠢᠬᠠᠨ ᠶᠠᠪᠤᠬᠳᠠᠭᠤᠯᠬᠤ ᠪᠠᠷ ᠪᠠᠶᠢᠨ᠎ᠠ᠃ ᠁ | ᠨᠢᠭᠡ᠂ ᠤᠷᠤᠯᠳᠤᠭᠠᠨ ᠳᠤ ᠤᠷᠤᠯᠴᠠᠬᠤ ᠨᠦᠬᠦᠴᠡᠯ᠄ | 1 . ᠤᠷᠤᠯᠳᠤᠭᠠᠨ ᠳᠤ ᠤᠷᠤᠯᠴᠠᠬᠤ ᠢᠷᠦᠭᠡᠯ ᠮᠠᠭᠳᠠᠭᠠᠯ ᠤᠨ ᠪᠦᠳᠦᠭᠡᠯ ᠢ ᠡᠷᠭᠡᠪᠰᠢ ᠡᠪ ᠬᠠᠮᠳᠤ ᠨᠠᠮ᠂ ᠡᠭᠡ | ᠤᠯᠤᠰ᠂ ᠡᠭᠡ ᠨᠤᠳᠤᠬ ᠢᠶᠠᠨ ᠬᠠᠶᠢᠷᠠᠯᠠᠬᠤ ᠪᠠᠷ ᠭᠤᠤᠯ ᠰᠡᠳᠦᠪ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠶᠢᠨ ᠲᠤᠭᠤᠷᠢᠨ ᠳᠤ ᠤᠷᠤᠨ ᠨᠤᠳᠤᠬ ᠤᠨ | ᠤᠯᠠᠮᠵᠢᠯᠠᠯᠳᠤ ᠰᠤᠶᠤᠯ᠂ ᠡᠭᠡ ᠤᠷᠤᠨ ᠤ ᠪᠠᠨ ᠬᠦᠭᠵᠢᠯ ᠪᠠᠳᠠᠷᠠᠯ ᠢ ᠮᠠᠬᠳᠠᠨ ᠲᠠᠭᠤᠯᠠᠬᠰᠠᠨ ᠪᠦᠳᠦᠭᠡᠯ ᠪᠠᠶᠢᠬᠤ | ᠭᠡᠷᠡᠭᠳᠡᠢ᠃ | 2 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠨᠠᠷ ᠡᠷᠭᠡᠪᠰᠢ ᠵᠦᠪ ᠤᠨᠤᠪᠴᠢᠳᠠᠢ ᠦᠵᠡᠯ | ᠰᠠᠨᠠᠭ᠎ᠠ ᠤᠯᠤᠰ ᠲᠦᠷᠦ ᠶᠢᠨ ᠵᠤᠬᠰᠤᠯᠳᠠ ᠲᠠᠢ ᠪᠠᠶᠢᠬᠤ ᠭᠡᠷᠡᠭᠳᠡᠢ ᠪᠦᠭᠡᠳ ᠰᠢᠯᠢᠳᠡᠭ ᠰᠠᠶᠢᠨ ᠶᠤᠰᠤ ᠰᠤᠷᠳᠠᠬᠤᠨ | ᠦᠵᠡᠯᠳᠡ ᠲᠠᠨᠢᠯᠳᠠ ᠲᠠᠢ ᠪᠠᠶᠢᠵᠤ᠂ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠢ ᠴᠢᠩᠭ᠎ᠠ ᠬᠢᠨᠠᠮᠠᠭᠠᠢ | ᠵᠢᠷᠤᠮᠯᠠᠬᠰᠠᠨ ᠪᠠᠶᠢᠬᠤ ᠭᠡᠷᠡᠭᠳᠡᠢ᠃ | 3 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠶᠢ ᠡᠷᠭᠡᠪᠰᠢ ᠬᠢᠩᠭᠠᠨ ᠠᠶᠢᠮᠠᠬ ᠢᠶᠠᠷ ᠯᠡ | ᠬᠢᠵᠠᠭᠠᠷᠯᠠᠵᠤ᠂ 18 ᠨᠠᠰᠤᠨ ᠠᠴᠠ 60 ᠨᠠᠰᠤᠨ ᠤ ᠬᠤᠭᠤᠷᠤᠨᠳᠤᠬᠢ ᠪᠡᠶ᠎ᠡ ᠮᠠᠬᠠᠪᠤᠳ ᠡᠷᠡᠬᠦᠯ ᠴᠢᠬᠢᠷᠠᠬ | ᠪᠠᠶᠢᠬᠤ ᠶᠢ ᠱᠠᠭᠠᠷᠳᠠᠨ᠎ᠠ᠃ | 4 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠰᠠᠶᠢᠨ ᠰᠠᠶᠢᠬᠠᠨ ᠤᠷᠤᠯᠳᠤᠭᠠᠨ ᠤ | ᠭᠡᠪ ᠰᠤᠷᠳᠠᠯ ᠲᠠᠢ ᠪᠠᠶᠢᠬᠤ ᠭᠡᠷᠡᠭᠳᠡᠢ᠃ | ᠬᠤᠶᠠᠷ᠂ ᠤᠷᠤᠯᠳᠤᠭᠠᠨ ᠤ ᠱᠠᠭᠠᠷᠳᠠᠯᠭ᠎ᠠ᠄ | 1 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠢᠷᠦᠭᠡᠯ ᠮᠠᠬᠳᠠᠭᠠᠯ ᠤᠨ | ᠦᠬᠡᠰ ᠢᠶᠠᠨ ᠨᠠᠷᠢᠯᠢᠭ ᠪᠡᠯᠡᠳᠭᠡᠵᠤ᠂ ᠠᠭᠤᠯᠭ᠎ᠠ ᠶᠢᠨ ᠲᠠᠯ᠎ᠠ ᠪᠠᠷ ᠡᠷᠡᠬᠦᠯ ᠰᠠᠷᠠᠭᠤᠯ᠂ ᠦᠭᠡᠳᠡᠷᠭᠡᠭ᠂ ᠤᠷᠤᠨ | ᠨᠤᠳᠤᠬ ᠤᠨ ᠤᠨᠴᠠᠯᠢᠬ ᠲᠠᠢ ᠤᠯᠠᠮᠵᠢᠯᠠᠯᠳᠤ ᠢᠷᠦᠭᠡᠯ ᠮᠠᠭᠳᠠᠭᠠᠯ ᠪᠠᠶᠢᠵᠤ᠂ ᠨᠤᠳᠤᠬ ᠤᠷᠤᠨ ᠤ ᠡᠭᠡ ᠪᠠᠶᠢᠭᠠᠯᠢ ᠶᠢᠨ | ᠠᠭᠤᠯᠠ ᠤᠰᠤ᠂ ᠬᠦᠮᠦᠨ ᠠᠷᠠᠳ ᠤᠨ ᠠᠮᠢᠳᠤᠷᠠᠯ ᠤᠨ ᠵᠠᠩ ᠵᠠᠩᠰᠢᠯ᠂ ᠰᠢᠨ᠎ᠡ ᠴᠠᠬ ᠦᠶ᠎ᠡ ᠶᠢᠨ ᠰᠠᠶᠢᠨ ᠰᠠᠶᠢᠬᠠᠨ | ᠠᠮᠢᠳᠤᠷᠠᠯ ᠢ ᠮᠠᠬᠳᠠᠨ ᠲᠠᠭᠤᠯᠠᠬᠰᠠᠨ ᠠᠭᠤᠯᠭ᠎ᠠ ᠪᠠᠶᠢᠬᠤ ᠶᠢ ᠱᠠᠭᠠᠷᠳᠠᠵᠦ᠂ ᠠᠭᠤᠯᠭ᠎ᠠ ᠳᠠᠭᠠᠨ ᠵᠤᠷᠢᠭᠤᠯᠤᠬᠰᠠᠨ | ᠲᠤᠭᠯᠠᠯᠳᠠ ᠶᠢᠨ ᠪᠠᠭᠠᠵᠢ ᠭᠡᠷᠡᠭᠰᠡᠯ ᠢᠶᠠᠷ ᠲᠤᠭᠯᠠᠯᠳᠠ ᠶᠢᠨ ᠬᠢᠷᠢ ᠪᠦᠳᠦᠮᠵᠢ ᠪᠠᠨ ᠲᠡᠭᠡᠭᠰᠢᠯᠡᠬᠦᠯᠵᠤ ᠪᠤᠯᠤᠨ᠎ᠠ᠃ | 2 . ᠢᠷᠦᠭᠡᠯ ᠮᠠᠭᠳᠠᠭᠠᠯ ᠢᠶᠠᠨ ᠤᠯᠠᠮᠵᠢᠯᠠᠯᠳᠤ ᠠᠷᠭ᠎ᠠ ᠪᠠᠷ ᠤᠶᠠᠩᠭᠠᠯᠠᠨ ᠲᠠᠭᠤᠯᠠᠵᠦ᠂ ᠤᠷᠠᠠ ᠪᠦᠳᠦᠭᠡᠯ ᠤᠨ | ᠦᠵᠡᠯ ᠰᠠᠨᠠᠭᠠᠳᠤ ᠴᠢᠨᠠᠷ ᠪᠠ ᠤᠷᠠᠯᠢᠬᠳᠤ ᠴᠢᠨᠠᠷ ᠢ ᠪᠠᠳᠤᠯᠠᠬᠰᠠᠨ ᠪᠠᠶᠢᠬᠤ ᠬᠡᠷᠡᠭᠳᠠᠢ᠃ | 3 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠡᠷᠭᠡᠪᠰᠢ ᠭᠠᠭᠴᠠ ᠪᠦᠳᠦᠭᠡᠯ ᠢᠶᠠᠷ ᠨᠡᠷ᠎ᠡ | ᠮᠡᠳᠡᠬᠦᠯᠦᠨ᠎ᠡ᠃ | 4 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠭᠳᠠᠭᠠᠯᠴᠢ ᠤᠷᠤᠯᠳᠤᠭᠠᠨ ᠤ ᠲᠠᠯᠠᠪᠤᠷ ᠲᠤ ᠡᠷᠭᠡᠪᠰᠢ | ᠬᠠᠶᠢᠷ᠎ᠠ ᠰᠡᠳᠬᠢᠯᠭᠡ ᠪᠢᠯᠬᠠᠮ᠎ᠠ᠂ ᠲᠤᠭᠯᠠᠯᠳᠠ ᠶᠢᠨ ᠲᠦᠷᠰᠦᠯᠡᠯ ᠠᠮᠢᠳᠤᠯᠢᠬ᠂ ᠢᠷᠦᠭᠡᠯ ᠮᠠᠭᠳᠠᠭᠠᠯ ᠤᠨ | ᠠᠭᠤᠯᠭ᠎ᠠ ᠶᠢ ᠪᠦᠷᠢᠨ ᠬᠦᠢᠴᠡᠳ ᠲᠤᠭᠯᠠᠵᠤ᠂ ᠰᠡᠳᠬᠢᠯᠭᠡ ᠶᠢᠨ ᠢᠯᠡᠷᠡᠯ ᠲᠤᠳᠤ᠂ ᠦᠪᠡᠷᠮᠢᠴᠡ ᠤᠨᠴᠠᠯᠢᠬ ᠲᠠᠢ | ᠪᠠᠶᠢᠬᠤ ᠬᠡᠷᠡᠭᠳᠠᠢ᠃ | 5 . ᠡᠷᠭᠡᠪᠰᠢ ᠤᠷᠤᠯᠳᠤᠭᠠᠨ ᠤ ᠰᠠᠬᠢᠯᠭ᠎ᠠ ᠪᠠᠳᠤ ᠶᠢ ᠴᠢᠩᠭ᠎ᠠ ᠰᠠᠬᠢᠵᠤ᠂ ᠬᠤᠪᠴᠠᠰᠤ ᠡᠮᠦᠰᠭᠡᠯ ᠲᠡᠷᠢ ᠲᠡᠭᠰᠢ | ︵ᠤᠯᠠᠮᠵᠢᠯᠠᠯᠳᠤ ᠮᠤᠩᠭᠤᠯ ᠭᠤᠶᠤᠯᠠᠯ︶᠂ ᠴᠤᠬ ᠵᠢᠪᠬᠤᠭ᠎ᠠ ᠪᠠᠳᠠᠷᠠᠩᠭᠤᠢ᠂ ᠰᠠᠶᠢᠨ ᠰᠠᠶᠢᠬᠠᠨ ᠲᠠᠶᠢᠰᠠᠨ ᠤ ᠭᠡᠪ | ᠰᠤᠷᠳᠠᠯ ᠢ ᠪᠠᠳᠠᠷᠠᠭᠤᠯᠬᠤ ᠭᠡᠷᠡᠭᠳᠡᠢ᠃ | 6 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠶᠢᠨ ᠤᠶᠠᠩᠭᠠᠯᠠᠨ ᠲᠠᠭᠤᠯᠠᠬᠤ ᠴᠠᠬ ᠢ 5 | ᠮᠢᠨᠦ᠋ᠲ ᠢᠶᠠᠷ ᠬᠢᠵᠠᠭᠠᠷᠯᠠᠬᠤ ᠪᠦᠭᠡᠳ ᠠᠭᠤᠯᠭ᠎ᠠ ᠶᠢᠨ ᠲᠠᠯ᠎ᠠ ᠪᠠᠷ ᠪᠦᠷᠢᠨ ᠪᠦᠳᠦᠨ ᠪᠠᠶᠢᠬᠤ ᠬᠡᠷᠡᠭᠳᠠᠢ᠃ | 7 . ᠢᠷᠦᠭᠡᠯ ᠮᠠᠭᠳᠠᠭᠠᠯ ᠤᠨ ᠪᠦᠳᠦᠭᠡᠯ ᠢᠶᠠᠨ ᠢᠷᠡᠬᠦᠯᠬᠦ ᠳᠡᠭᠡᠨ ᠤᠷᠤᠯᠴᠠᠬᠴᠢ ᠶᠢᠨ ᠭᠠᠵᠠᠷ ᠤᠷᠤᠨ᠂ | ᠢᠷᠦᠭᠡᠯᠴᠢ ᠮᠠᠭᠳᠠᠭᠠᠯᠴᠢ ᠶᠢᠨ ᠨᠡᠷ᠎ᠡ᠂ ᠪᠦᠳᠦᠭᠡᠯ ᠪᠠ ᠪᠦᠳᠦᠭᠡᠯ ᠤᠨ ᠭᠠᠷᠴᠠᠬ᠂ ᠰᠢᠨ᠎ᠡ ᠪᠠᠷ ᠵᠤᠬᠢᠶᠠᠬᠰᠠᠨ ᠡᠰᠡᠬᠦ᠂ | ᠬᠠᠷᠢᠯᠴᠠᠬᠤ ᠤᠳᠠᠰᠤ ᠵᠡᠷᠭᠡ ᠶᠢ ᠲᠤᠭᠳᠠᠭᠰᠠᠨ ᠢᠮᠧᠯ ᠢᠶᠠᠷ ᠢᠷᠡᠬᠦᠯᠦᠨᠡ᠃ | 8 . ᠤᠷᠤᠯᠳᠤᠭᠠᠨ ᠳᠤ ᠤᠷᠤᠯᠴᠠᠬᠤ ᠢᠷᠦᠭᠡᠯᠴᠢ ᠮᠠᠬᠳᠠᠭᠠᠯᠴᠢ ᠦᠪᠡᠷ ᠤᠨ ᠤᠷᠤᠯᠳᠤᠭᠠᠨ ᠤ ᠪᠦᠳᠦᠭᠡᠯ ᠢᠶᠠᠨ | ᠲᠤᠭᠳᠠᠬᠰᠠᠨ ᠢᠮᠧᠯ ᠢᠶᠠᠷ ᠢᠷᠡᠭᠦᠯᠦᠭᠰᠡᠨ ᠤ ᠲᠠᠷᠠᠭ᠎ᠠ ᠡᠷᠭᠡᠪᠰᠢ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠲᠤ | ᠮᠡᠳᠡᠭᠳᠡᠵᠤ᠂ ᠨᠡᠷ᠎ᠡ ᠮᠡᠳᠡᠬᠦᠯᠵᠤ ᠲᠡᠶᠢᠯᠦᠭᠰᠡᠨ ᠡᠰᠡᠬᠦ ᠪᠠᠨ ᠲᠤᠳᠤᠷᠬᠠᠶᠢᠯᠠᠬᠤ ᠭᠡᠷᠡᠭᠳᠡᠢ᠃ | 9 . ᠨᠡᠷ᠎ᠡ ᠮᠡᠳᠡᠬᠦᠯᠬᠦ ᠴᠠᠬ ᠬᠤᠭᠤᠴᠠᠭ᠎ᠠ᠄ 9 ᠰᠠᠷ᠎ᠠ ᠶᠢᠨ 15 ᠤ ᠡᠳᠦᠷ ᠪᠤᠯᠳᠠᠯ᠎ᠠ ᠨᠡᠷ᠎ᠡ ᠮᠡᠳᠡᠬᠦᠯᠦᠨ᠎ᠡ᠃ | ᠨᠡᠷ᠎ᠡ ᠮᠡᠳᠡᠬᠦᠯᠦᠭᠰᠡᠨ ᠪᠦᠳᠦᠭᠡᠯ ᠢ ᠠᠩᠬ᠎ᠠ ᠤᠳᠠᠭ᠎ᠠ ᠰᠢᠯᠭᠠᠷᠠᠭᠤᠯᠵᠤ᠂ ᠲᠡᠷᠢᠬᠦᠨ ᠤ 32 ᠨᠡᠷᠡᠰ ᠢᠷᠦᠭᠡᠯᠴᠢ | ᠮᠠᠬᠳᠠᠭᠠᠯᠴᠢ ᠶᠢ ᠰᠶᠢᠳᠪᠦᠷᠢᠳᠤ ᠤᠷᠤᠯᠳᠤᠭᠠᠨ ᠳᠤ ᠤᠷᠤᠯᠴᠠᠭᠤᠯᠤᠨ᠎ᠠ᠃ | ᠭᠤᠷᠪᠠ᠂ ᠬᠢᠨᠠᠨ ᠰᠢᠯᠭᠠᠷᠠᠭᠤᠯᠬᠤ ᠪᠠ ᠱᠠᠩᠨᠠᠯ ᠤᠨ ᠮᠦᠩᠬᠦ ᠶᠢᠨ ᠲᠤᠬᠢᠷᠠᠭᠤᠯᠤᠯᠳᠠ᠄ ᠠᠶᠢᠮᠠᠬ ᠤᠨ ᠨᠡᠷᠡᠳᠦ | ᠢᠷᠦᠭᠡᠯᠴᠢ ᠮᠠᠭᠳᠠᠭᠠᠯᠴᠢ᠂ ᠬᠡᠯᠡ ᠤᠳᠬ᠎ᠠ ᠵᠤᠬᠢᠶᠠᠯ ᠤᠨ ᠮᠡᠷᠭᠡᠵᠢᠯᠳᠡᠨ᠂ ᠦᠪᠡᠷᠳᠡᠭᠡᠨ ᠵᠠᠰᠠᠬᠤ ᠤᠷᠤᠨ ᠤ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠡ ᠤᠯᠠᠮᠵᠢᠯᠠᠭᠴᠢ ᠨᠠᠷ ᠢᠶᠠᠷ ᠪᠦᠷᠢᠯᠳᠦᠭᠰᠡᠨ ᠬᠢᠨᠠᠨ | ᠰᠢᠯᠭᠠᠷᠠᠭᠤᠯᠬᠤ ᠲᠤᠭᠤᠶᠢᠯᠠᠩ ᠪᠠᠶᠢᠭᠤᠯᠵᠦ᠂ ᠲᠤᠬᠠᠢ ᠶᠢᠨ ᠲᠠᠯᠠᠪᠤᠷ ᠤᠨ ᠡᠷᠭᠡ ᠲᠡᠭᠰᠢ᠂ ᠲᠦᠪ ᠭᠤᠤᠯᠴᠢ᠂ ᠢᠯᠡ | ᠲᠤᠳᠤ ᠰᠢᠯᠭᠠᠷᠠᠭᠤᠯᠤᠯᠳᠠ ᠪᠠᠷ ᠨᠢᠭᠡᠳᠦᠭᠡᠷ ᠲᠡᠰ ᠲᠤ 1 ᠨᠡᠷᠡᠰ ︵ᠱᠠᠩᠨᠠᠯ ᠤᠨ ᠮᠦᠩᠬᠦ 3000 ᠲᠦᠬᠦᠷᠢᠭ᠂ | ᠢᠷᠠᠭᠤ ᠠᠯᠳᠠᠷ ᠤᠨ ᠦᠨᠡᠮᠯᠡᠯ︶᠂ ᠬᠤᠶᠠᠳᠤᠭᠠᠷ ᠲᠡᠰ ᠲᠤ 2 ᠨᠡᠷᠡᠰ ︵ᠱᠠᠩᠨᠠᠯ ᠤᠨ ᠮᠦᠩᠬᠦ 2000 ᠲᠦᠬᠦᠷᠢᠭ | ᠂ ᠢᠷᠠᠭᠤ ᠠᠯᠳᠠᠷ ᠤᠨ ᠦᠨᠡᠮᠯᠡᠯ︶᠂ ᠭᠤᠷᠪᠠᠳᠤᠭᠠᠷ ᠲᠡᠰ ᠲᠤ 3 ᠨᠡᠷᠡᠰ ︵ᠱᠠᠩᠨᠠᠯ ᠤᠨ ᠮᠦᠩᠬᠦ 1000 | ᠲᠦᠬᠦᠷᠢᠭ᠂ ᠢᠷᠠᠭᠤ ᠠᠯᠳᠠᠷ ᠤᠨ ᠦᠨᠡᠮᠯᠡᠯ︶᠂ ᠰᠢᠯᠢᠳᠡᠭ ᠲᠡᠰ ᠲᠤ 10 ᠨᠡᠷᠡᠰ ︵ᠢᠷᠠᠭᠤ ᠠᠯᠳᠠᠷ ᠤᠨ ᠦᠨᠡᠮᠯᠡᠯ | ︶ ᠢ ᠰᠢᠯᠭᠠᠷᠠᠭᠤᠯᠤᠨ ᠭᠠᠷᠭᠠᠨ᠎ᠠ᠃ | ᠲᠦᠷᠪᠡ᠂ ᠰᠶᠢᠳᠪᠦᠷᠢᠳᠤ ᠤᠷᠤᠯᠳᠤᠭᠠᠨ ᠤ ᠴᠠᠬ ᠬᠤᠭᠤᠴᠠᠭ᠎ᠠ ᠵᠢᠴᠢ ᠲᠠᠯᠠᠪᠠᠢ᠄ ᠰᠶᠢᠳᠪᠦᠷᠢᠳᠤ | ᠤᠷᠤᠯᠳᠤᠭᠠᠨ ᠢ 9 ᠰᠠᠷ᠎ᠠ ᠶᠢᠨ ᠰᠡᠬᠦᠯᠴᠢ ᠪᠠᠷ ᠤᠯᠠᠭᠠᠨᠬᠤᠳᠠ ᠳᠤ ᠶᠠᠪᠤᠬᠳᠠᠭᠤᠯᠤᠨ᠎ᠠ᠃ | ᠲᠠᠪᠤ᠄ ᠬᠠᠷᠢᠯᠴᠠᠬᠤ ᠠᠷᠭ᠎ᠠ ᠮᠠᠶ᠋ᠢᠬ᠄ | ᠬᠠᠷᠢᠯᠴᠠᠬᠤ ᠬᠦᠮᠦᠨ᠄ ᠪᠤᠤ ᠱᠦᠨ | ᠬᠠᠷᠢᠯᠴᠠᠬᠤ ᠤᠳᠠᠰᠤ᠄ 13948270909 | ᠤᠷᠤᠯᠳᠤᠭᠠᠨ ᠤ ᠪᠦᠳᠦᠭᠡᠯ ᠢᠷᠡᠬᠦᠯᠬᠦ ᠢᠮᠧᠯ᠄ | 2658407614 QQ@.com | ᠸᠢᠴᠠᠲ ᠨᠤᠮᠧᠷ᠄ 13948270909 | ᠭᠤᠤᠯᠯᠠᠨ ᠡᠷᠬᠢᠯᠡᠭᠰᠡᠨ ᠨᠢᠭᠡᠴᠢ᠄ | ᠤᠯᠠᠭᠠᠨᠬᠤᠳᠠ ᠶᠢᠨ ᠰᠤᠶᠤᠯ ᠤᠨ ᠦᠪ ᠬᠦᠷᠦᠩᠭᠡ ᠶᠢ ᠬᠠᠮᠠᠭᠠᠯᠠᠬᠤ ᠲᠦᠪ | ᠬᠢᠩᠭᠠᠨ ᠠᠶᠢᠮᠠᠬ ᠤᠨ ᠬᠠᠮ ᠵᠠᠭᠤᠴᠢᠯᠠᠭᠤᠷ ᠤᠨ ᠲᠦᠪ | ᠬᠢᠩᠭᠠᠨ ᠠᠶᠢᠮᠠᠬ ᠤᠨ ᠵᠤᠬᠢᠶᠠᠯᠴᠢᠳ ᠤᠨ ᠡᠪᠯᠡᠯ | ᠲᠠᠭᠠᠭᠠᠴᠢᠯᠠᠨ ᠡᠷᠬᠢᠯᠡᠭᠰᠡᠨ ᠨᠢᠭᠡᠴᠢ᠄ | ᠤᠯᠠᠭᠠᠨᠬᠤᠳᠠ ᠶᠢᠨ ᠬᠤᠷᠴᠢᠨ ᠢᠳᠡᠭᠡᠨ ᠤᠮᠳᠠᠭᠠᠨ ᠤ ᠬᠠᠮᠢᠶᠠᠷᠤᠯᠳᠠ ᠦᠢᠯᠡᠴᠢᠯᠡᠭᠡᠨ ᠤ ᠬᠢᠵᠠᠭᠠᠷᠳᠤ ᠺᠤᠮᠫᠠᠨᠢ | ᠤᠯᠠᠭᠠᠨᠬᠤᠳᠠ ᠶᠢᠨ ᠠᠷᠠᠳ ᠤᠨ ᠤᠷᠠᠯᠢᠬᠴᠢᠳ ᠤᠨ ᠡᠪᠯᠡᠯ | ᠤᠯᠠᠭᠠᠨᠬᠤᠳᠠ ᠶᠢᠨ ᠬᠤᠩ ᠴᠧᠩ ᠲᠤᠮᠳᠠᠳᠤ ᠰᠤᠷᠭᠠᠭᠤᠯᠢ | 2024 ᠤᠨ ᠤ 8 ᠰᠠᠷ᠎ᠠ ᠶᠢᠨ 22 ᠤᠨ ᠡᠳᠦᠷ |